| ᠣᠷᠳᠣᠰ ᠬᠤᠲᠠ ᠶᠢᠨ ᠬᠢᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠶᠠᠨ ᠬᠠᠲᠠᠨ ᠴᠢᠨᠠᠷᠲᠠᠶ ᠪᠠᠷ ᠭᠠᠵᠠᠷ | ᠬᠠᠩᠭᠠᠬᠤ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ ᠳᠤ ᠬᠦᠴᠦᠨ ᠨᠡᠮᠡᠷᠢᠯᠡᠵᠦ | ᠪᠣᠢ᠃ ᠤᠶᠠᠨ ᠬᠠᠲᠠᠨ ᠴᠢᠨᠠᠷᠲᠠᠢ ᠪᠠᠷ ᠵᠢᠯ ᠢᠶᠠᠷ ᠰᠢᠯᠵᠢᠭᠦᠯᠵᠦ ᠥᠭᠬᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳ ᠢᠶᠠᠷ ᠲᠦᠷᠢᠶᠡᠰᠦᠯᠡᠭᠦᠯᠵᠦ | ᠳᠠᠷᠠᠭ᠎ᠠ ᠨᠢ ᠰᠢᠯᠵᠢᠭᠦᠯᠵᠦ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠠᠩᠭᠠᠬᠤ ᠪᠣᠯᠪᠠ᠂ | ᠡᠭᠦᠨ ᠳᠤ ᠤᠶᠠᠨ ᠬᠠᠲᠠᠨ ᠴᠢᠨᠠᠷᠲᠠᠶ ᠪᠠᠷ ᠵᠢᠯ ᠢᠶᠠᠷ ᠰᠢᠯᠵᠢᠭᠦᠯᠵᠦ ᠥᠭᠬᠦ ᠠᠷᠭ᠎ᠠ ᠮᠠᠶ᠋ᠢᠭ ᠤᠨ ᠰᠢᠯᠵᠢᠭᠦᠯᠵᠦ ᠥᠭᠬᠦ ᠬᠤᠭᠤᠴᠠᠭᠠᠨ ᠤ ᠲᠦᠷᠦᠭᠦᠦ ᠬᠤᠭᠤᠴᠠᠭ᠎ᠠ ᠨᠢ | 10 ᠵᠢᠯ ᠪᠠᠶᠢᠵᠤ᠂ ᠤᠷᠲᠤᠳᠬᠠᠬᠤ ᠬᠤᠭᠤᠴᠠᠭ᠎ᠠ ᠶᠢ ᠪᠣᠯ 10 ᠵᠢᠯ᠂ 20 ᠵᠢᠯ᠂ 30 ᠵᠢᠯ᠂ 40 ᠵᠢᠯ ᠠᠴᠠ ᠰᠣᠩᠭᠤᠵᠤ ᠪᠣᠯᠤᠨ᠎ᠠ᠂ ᠰᠢᠯᠵᠢᠭᠦᠯᠵᠦ ᠥᠭᠬᠦ ᠶᠡᠷᠦᠩᠬᠡᠢ | ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠰᠢᠯᠵᠢᠭᠦᠯᠵᠦ ᠥᠭᠬᠦ ᠬᠠᠮᠤᠭ ᠤᠨ ᠤᠷᠲᠤ ᠪᠣᠯᠬᠤ ᠵᠢᠯ ᠤᠨ ᠬᠢᠵᠠᠭᠠᠷ ᠠᠴᠠ ᠬᠡᠲᠦᠷᠡᠭᠦᠯᠵᠦ ᠪᠣᠯᠬᠤ ᠦᠭᠡᠢ︔ ᠤᠷᠲᠤ | ᠬᠤᠭᠤᠴᠠᠭ᠎ᠠ ᠪᠠᠷ ᠳᠦᠷᠢᠶᠡᠰᠦᠯᠡᠭᠦᠯᠬᠦ ᠠᠷᠭ᠎ᠠ ᠮᠠᠶ᠋ᠢᠭ ᠤᠨ ᠳᠦᠷᠢᠶᠡᠰᠦᠯᠡᠭᠦᠯᠬᠦ ᠬᠤᠭᠤᠴᠠᠭ᠎ᠠ ᠶᠢ ᠪᠣᠯ 5 ᠵᠢᠯ᠂ 10 ᠵᠢᠯ᠂ 15 ᠵᠢᠯ ᠪᠠᠶᠢᠯᠭᠠᠵᠤ᠂ ᠬᠠᠮᠤᠭ ᠤᠨ | ᠤᠷᠲᠤ ᠳᠤ ᠪᠠᠨ 20 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠤᠶᠠᠨ ᠬᠠᠲᠠᠨ ᠴᠢᠨᠠᠷᠲᠠᠢ ᠪᠠᠷ ᠬᠠᠩᠭᠠᠭᠰᠠᠨ ᠭᠠᠵᠠᠷ | ᠰᠢᠷᠣᠢ ᠨᠡᠶᠢᠲᠡ 28 ᠬᠡᠰᠡᠭ ᠪᠠᠶᠢᠵᠤ᠂ ᠲᠠᠯᠠᠪᠠᠶ ᠨᠢ 293.1965 ᠾᠧᠺᠲ᠋ᠠᠷ ᠲᠤ ᠬᠦᠷᠴᠦ᠂ ᠠᠵᠤ ᠠᠬᠤᠶᠢᠯᠠᠯ ᠳᠤ ᠰᠢᠯᠵᠢᠭᠦᠯᠵᠦ ᠥᠭᠬᠦ ᠭᠠᠵᠠᠷ ᠰᠢᠷᠣᠶ ᠶᠢᠨ | ᠮᠥᠩᠭᠦ ᠶᠢ ᠨᠡᠶᠢᠲᠡ 2.91 ᠳ᠋ᠦᠩᠰᠢᠭᠤᠷ ᠲᠥᠭᠦᠷᠢᠭ ᠠᠷᠪᠢᠯᠠᠵᠤ ᠥᠭᠪᠡ ᠃ | |