ᠮᠠᠨ ᠤ ᠣᠷᠣᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.1 ᠳ᠋ᠦᠩᠰᠢᠭᠤᠷ ᠺᠢᠯᠣᠸᠠᠲ ᠢ ᠠᠩᠬ᠎ᠠ ᠳᠠᠪᠠᠭᠰᠠᠨ ᠮᠤᠵᠢ ᠣᠷᠣᠨ ᠪᠣᠯᠪᠠ
ᠨᠡᠶᠢᠲᠡᠯᠡᠭᠰᠡᠨ ᠴᠠᠭ᠄
2024/11/6
    10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.1 ᠳ᠋ᠦᠩᠰᠢᠭᠤᠷ ᠺᠢᠯᠣᠸᠠᠲ ᠢ ᠳᠠᠪᠠᠵᠤ᠂ ᠪᠥᠬᠦ ᠣᠷᠣᠨ ᠤ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 47% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9 ᠵᠠᠭᠤᠨ ᠤ ᠴᠡᠭ ᠢᠶᠠᠷ ᠳᠡᠭᠡᠭᠰᠢᠯᠡᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠦᠷᠭᠦᠯᠵᠢᠯᠡᠨ ᠪᠥᠬᠦ ᠤᠯᠤᠰ ᠲᠤ ᠲᠡᠷᠢᠭᠦᠯᠡᠪᠡ᠃ ᠵᠢᠯ ᠤᠨ ᠡᠴᠦᠰ ᠪᠣᠯᠬᠤ ᠳᠤ᠂ ᠪᠥᠬᠦ ᠣᠷᠣᠨ ᠳᠤ ᠪᠠᠰᠠ 2500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠴᠠᠬᠢᠯᠭᠠᠨ ᠬᠦᠴᠦᠨ ᠤ ᠲᠣᠤᠷ ᠲᠤ ᠨᠡᠶᠢᠯᠡᠭᠦᠯᠵᠦ᠂ ᠪᠥᠬᠦ ᠵᠢᠯ ᠳᠤ ᠴᠠᠬᠢᠯᠭᠠᠨ ᠬᠦᠴᠦᠨ ᠤ ᠲᠣᠤᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ 4000 ᠲᠦᠮᠡᠨ ᠺᠢᠯᠣᠸᠠᠲ ᠢ ᠳᠠᠪᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭ᠋ᠤ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠬᠦ ᠪᠠᠷ ᠵᠢᠱᠢᠵᠦ ᠪᠤᠢ᠃  
ᠢᠷᠡᠯᠲᠡ᠄ ᠡᠨᠧᠷᠭᠢ ᠶᠢᠨ ᠲᠣᠪᠴᠢᠶ᠎ᠠ