ᠡᠳ᠋ ᠤᠨ ᠵᠠᠰᠠᠭ ᠤᠨ ᠲᠢᠩᠬᠢᠮ 2025 ᠣᠨ ᠤ ᠲᠥᠪ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠠᠯᠠ ᠮᠥᠩᠭᠦ ᠶᠢ 46.08 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠠᠢ
ᠨᠡᠶᠢᠲᠡᠯᠡᠭᠰᠡᠨ ᠴᠠᠭ᠄
2024/12/10
      ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠪ  ᠠᠴᠠ ᠮᠠᠨ ᠤ ᠣᠷᠣᠨ ᠳᠤ ᠤᠷᠢᠳᠴᠢᠯᠠᠨ ᠪᠠᠭᠤᠯᠭᠠᠭᠰᠠᠨ 2025 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠠᠯᠠ ᠮᠥᠩᠭᠦ ︵ᠨᠢᠭᠡᠳᠦᠭᠡᠷ ᠪᠦᠯᠦᠭ︶ 46.08 ᠳ᠋ᠦᠩᠰᠢᠭᠤᠷ ᠲᠥᠭᠦᠷᠢᠭ ᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠢᠭᠡᠴᠢ ᠪᠠ ᠪᠤᠭᠤᠲᠤ ᠬᠤᠲᠠ᠂ ᠬᠥᠯᠥᠨ ᠪᠤᠶᠢᠷ ᠬᠤᠲᠠ ᠵᠡᠷᠭᠡ 7 ᠠᠶᠢᠮᠠᠭ ᠬᠤᠲᠠ ᠳᠠᠬᠢ ᠤᠯᠤᠰ ᠤᠨ ᠲᠦᠷᠭᠡᠨ ᠤ ᠵᠠᠮ᠂ ᠤᠯᠤᠰ ᠤᠨ ᠡᠩ ᠤᠨ ᠵᠠᠮ᠂ ᠨᠤᠷᠠᠬᠤ ᠠᠶᠤᠯᠲᠠᠶ ᠬᠠᠭᠤᠴᠢᠨ ᠬᠥᠭᠦᠷᠭᠡ ᠶᠢ ᠦᠭᠡᠷᠡᠴᠢᠯᠡᠨ ᠰᠢᠨᠡᠳᠬᠡᠬᠦ ᠪᠠ ᠠᠶᠠᠨᠴᠢᠳ ᠤᠨ ᠲᠡᠭᠡᠭᠡᠪᠦᠷᠢ ᠶᠢᠨ ᠬᠦᠢᠰᠦ ᠵᠡᠷᠭᠡ 22 ᠭᠤᠤᠯᠳᠠᠯᠭ᠎ᠠ ᠪᠣᠯᠬᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠡᠮᠵᠢᠨ ᠬᠡᠷᠡᠭᠯᠡᠬᠦ ᠪᠠᠷ ᠪᠠᠭᠤᠯᠭᠠᠪᠠ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠠᠮ ᠬᠠᠷᠢᠯᠴᠠᠭᠠᠨ ᠤ ᠰᠠᠯᠠᠭ᠎ᠠ ᠮᠥᠴᠢᠷ ᠯᠦᠭᠡ ᠢᠳᠡᠪᠬᠢᠲᠡᠶ ᠬᠠᠮᠵᠢᠯᠴᠠᠨ ᠲᠥᠪ ᠤᠨ ᠪᠡᠯᠡ ᠮᠥᠩᠭᠦ ᠶᠢ ᠴᠢᠷᠮᠠᠶᠢᠨ ᠣᠯᠵᠤ᠂ ᠮᠠᠨ ᠤ ᠣᠷᠣᠨ ᠤ ᠭᠤᠤᠯᠳᠠᠯᠭ᠎ᠠ ᠪᠣᠯᠬᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠡᠮᠵᠢᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠥᠪ ᠤᠨ ᠪᠠᠯᠠ ᠮᠥᠩᠭᠦ ᠶᠢ ᠨᠡᠶᠢᠲᠡ 406.78 ᠳ᠋ᠦᠩᠰᠢᠭᠤᠷ ᠲᠥᠭᠦᠷᠢᠭ ᠣᠯᠵᠤ᠂ ᠥᠪᠡᠷᠲᠡᠭᠡᠨ ᠵᠠᠰᠠᠬᠤ ᠣᠷᠣᠨ ᠤ ᠲᠥᠰᠦᠪ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠵᠡᠷᠭᠡ ᠳᠤ 351.44 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠮᠠᠨ ᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ