ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 10 ᠤ ᠴᠠᠭᠢᠯᠭᠠᠨ ᠮᠡᠳᠡᠭᠡ 12 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ︽1 + 10︾ ᠶᠢᠨ ᠶᠠᠷᠢᠯᠴᠠᠭ᠎ᠠ ᠶᠢᠨ ᠬᠤᠷᠠᠯ ᠳᠤ ᠣᠷᠤᠯᠴᠠᠬᠤ ᠪᠠᠷ | ᠳᠤᠮᠳᠠᠳᠤ ᠤᠯᠤᠰ ᠲᠤ ᠢᠷᠡᠭᠰᠡᠨ ᠭᠤᠣᠯ ᠪᠤᠯᠬᠤ ᠣᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠠᠭᠤᠯᠵᠠᠪᠠ | ᠃ | | | | 12 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ︽ | 1 + 10︾ ᠶᠢᠨ ᠶᠠᠷᠢᠯᠴᠠᠭ᠎ᠠ ᠶᠢᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠭᠤᠣᠯ ᠪᠤᠯᠬᠤ ᠣᠯᠠᠨ ᠤᠯᠤᠰ ᠤᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠬᠠᠮᠲᠤ ᠶᠢᠨ ᠰᠡᠭᠦᠳᠡᠷ | ᠲᠠᠲᠠᠭᠤᠯᠤᠨ ᠳᠤᠷᠠᠰᠬᠠᠯ ᠦᠯᠡᠳᠡᠭᠡᠵᠦ᠂ ᠲᠡᠳᠡᠨ ᠤ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠦᠢᠯᠡᠰ ᠢ ᠳᠡᠮᠵᠢᠭᠰᠡᠨ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠣᠳᠣᠬᠠᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ | ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠪᠠ᠃ ᠬᠥᠮᠥᠨ ᠲᠥᠷᠥᠯᠬᠢᠲᠡᠨ ᠪᠣᠯ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠡᠯ᠎ᠡ ᠤᠯᠤᠰ 190 ᠭᠠᠷᠤᠢ ᠵᠢᠵᠢᠭ ᠣᠩᠭᠤᠴᠠᠨ ᠳᠡᠭᠡᠷ᠎ᠡ ᠰᠠᠭᠤᠵᠤ | ᠪᠠᠶᠢᠭ᠎ᠠ ᠪᠢᠰᠢ᠂ ᠬᠠᠷᠢᠨ ᠬᠤᠪᠢ ᠵᠠᠶᠠᠭ᠎ᠠ ᠪᠠᠨ ᠬᠠᠮᠲᠤᠳᠬᠠᠭᠰᠠᠨ ᠨᠢᠭᠡᠨ ᠲᠣᠮᠣ ᠣᠩᠭᠤᠴᠠᠨ ᠳᠡᠭᠡᠷ᠎ᠡ ᠰᠠᠭᠤᠵᠤ ᠪᠤᠢ᠂ ᠬᠠᠷᠢᠯᠴᠠᠨ ᠨᠦᠭᠦᠭᠡ ᠡᠲᠡᠭᠡᠳ ᠤᠨ ᠢᠶᠠᠨ | ᠬᠥᠭᠵᠢᠯᠲᠡ ᠶᠢ ᠠᠵᠠ ᠲᠣᠭᠢᠶᠠᠯ ᠢᠶᠠᠷ ᠦᠵᠡᠪᠡᠯ ᠵᠣᠬᠢᠬᠤ ᠠᠴᠠ ᠪᠢᠰᠢ ᠬᠠᠷᠢᠨ ᠥᠷᠢᠰᠦᠯᠳᠦᠭᠡᠨ ᠢᠶᠠᠷ ᠦᠵᠡᠵᠦ ᠪᠤᠯᠬᠤ ᠦᠭᠡᠢ᠂ ᠨᠦᠭᠦᠭᠡ ᠡᠲᠡᠭᠡᠳ ᠢᠶᠠᠨ | ᠬᠠᠨᠢᠲᠠᠨ ᠢᠶᠠᠷ ᠦᠵᠡᠪᠡᠯ ᠵᠣᠬᠢᠬᠤ ᠠᠴᠠ ᠪᠢᠰᠢ ᠬᠠᠷᠢᠨ ᠥᠷᠢᠰᠦᠯᠳᠦᠭᠴᠢ ᠪᠠᠷ ᠦᠵᠡᠵᠦ ᠪᠤᠯᠬᠤ ᠦᠭᠡᠢ᠂ ︽ᠪᠦᠭᠦ ᠪᠥᠮᠪᠥᠷᠴᠡᠭ ᠢᠶᠠᠷ ᠢᠶᠠᠨ ᠬᠠᠷᠢᠯᠴᠠᠨ | ᠲᠤᠰᠠᠯᠠᠯᠴᠠᠵᠤ︾᠂ ᠪᠦᠯᠬᠦᠮᠳᠡᠨ ᠬᠠᠮᠵᠢᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠴᠠᠭ ᠦᠶ᠎ᠡ ᠶᠢᠨ ᠭᠤᠣᠯ ᠭᠦᠭ ᠠᠶᠠᠰ ᠪᠣᠯᠭᠠᠪᠠᠯ | ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠶᠢ | ᠳᠡᠮᠵᠢᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ | ᠳᠡᠯᠡᠬᠡᠶᠢᠴᠢᠯᠡᠯᠲᠡ ᠶᠢ ᠠᠬᠢᠭᠤᠯᠵᠤ᠂ ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠥᠸᠧᠰᠠᠶᠢᠹᠦ᠋᠂ ᠤᠯᠠᠨ ᠤᠯᠤᠰ ᠤᠨ ᠵᠣᠭᠤᠰᠤᠨ ᠤ ᠰᠠᠭᠤᠷᠢ ᠮᠥᠩᠭᠦᠨ ᠤ ᠵᠣᠬᠢᠶᠠᠨ | ᠪᠠᠶᠢᠭᠤᠯᠤᠯᠲᠠ ᠶᠢᠨ ᠶᠡᠷᠦᠩᠬᠡᠢ ᠵᠠᠬᠢᠷᠤᠯ ᠭᠸ᠊ ᠆ ᠤᠷᠵᠢᠶ᠋ᠸᠧᠠ᠂ ᠳᠡᠯᠡᠬᠡᠢ ᠶᠢᠨ ᠪᠠᠩᠬᠢ ᠶᠢᠨ ᠳᠠᠷᠤᠭ᠎ᠠ ᠫᠧᠩ ᠠᠨ ᠵᠢᠶᠧ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠶᠢᠨ ᠶᠡᠷᠦᠩᠬᠡᠢ ᠠᠵᠢᠯᠯᠠᠭᠴᠢ ᠢᠸᠢᠢᠯᠠ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠪᠡ᠃ ᠳᠡᠳᠡ ᠳᠤᠮᠳᠠᠳᠤ ᠤᠯᠤᠰ ᠤᠨ ᠠᠵᠤ | ᠠᠬᠤᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠯᠤᠰ ᠢᠷᠡᠭᠡᠳᠦᠢ ᠳᠤ | ᠢᠲᠡᠭᠡᠯ ᠲᠠᠢ ᠪᠠᠶᠢᠵᠤ᠂ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ | ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠭᠡᠪᠡ᠃ ᠳᠤᠮᠳᠠᠳᠤ ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ ᠤ ᠠᠩᠬᠠᠷᠤᠯ ᠢ | ᠲᠠᠲᠠᠵᠤ ᠪᠠᠶᠢᠨ᠎ᠠ᠂ ᠢᠯᠠᠩᠭᠤᠶ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠦᠷᠢᠶᠡᠨ ᠳᠤ ᠬᠥᠮᠥᠨ ᠲᠥᠷᠥᠯᠬᠢᠲᠡᠨ ᠤ ᠭᠠᠶᠢᠬᠠᠮᠰᠢᠭ ᠢ ᠡᠭᠦᠳᠴᠦ᠂ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠠᠯ᠎ᠠ ᠪᠠᠷ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠂ ᠡᠨᠡ ᠨᠢ ᠳᠤᠮᠳᠠᠳᠤ ᠤᠯᠤᠰ ᠤᠨ ᠵᠠᠰᠠᠭ ᠤᠨ | ᠣᠷᠳᠣᠨ ᠤ ᠪᠠᠷᠢᠮᠲᠠᠯᠠᠵᠤ ᠪᠠᠶᠢᠭ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠪᠣᠯ ᠠᠮᠵᠢᠯᠲᠠ ᠲᠠᠢ ᠪᠥᠭᠡᠳ | ᠬᠡᠷᠡᠭᠵᠢᠭᠦᠯᠦᠭᠦᠰᠢᠲᠡᠢ᠂ ᠳᠡᠯᠡᠬᠡᠢ ᠳ᠋ᠠᠬᠢᠨ ᠳᠤ ᠴᠢᠬᠤᠯᠠ ᠰᠡᠩᠬᠡᠷᠡᠭᠦᠯᠬᠦ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠭᠡᠷᠡᠴᠢᠯᠡᠵᠦ ᠪᠠᠶᠢᠨ᠎ᠠ᠃ ᠳᠤᠮᠳᠠᠳᠤ ᠤᠯᠤᠰ | ᠪᠣᠯ ᠢᠮᠠᠭᠲᠠ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠪᠠ ᠲᠣᠭᠲᠠᠪᠤᠷᠢᠵᠢᠭᠤᠯᠤᠭᠴᠢ᠂ ᠤᠯᠠᠨ ᠲᠠᠯᠠᠲᠤ ᠦᠵᠡᠯ ᠤᠨ ᠡᠷᠡᠰ ᠪᠠᠲᠤ | ᠬᠠᠮᠠᠭᠠᠯᠠᠭᠴᠢ ᠮᠥᠨ᠃ ᠳᠤᠮᠳᠠᠳᠤ ᠤᠯᠤᠰ ᠦᠷᠭᠦᠯᠵᠢᠯᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠲᠡ ᠪᠠᠨ ᠥᠷᠭᠡᠳᠬᠡᠵᠦ | ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠨᠢ ᠳᠡᠯᠡᠬᠡᠢ ᠳ᠋ᠠᠬᠢᠨ ᠢᠯᠠᠩᠭᠤᠶ᠎ᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠯᠤᠲᠤ ᠶᠡᠭᠡ | ᠠᠵᠠ ᠲᠣᠭᠢᠶᠠᠯ ᠬᠠᠩᠭᠠᠵᠠᠢ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠨᠢ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ | ᠬᠤᠪᠢ ᠳᠠᠬᠢ ᠡᠭᠦᠷᠭᠡᠯᠡᠯ ᠢ ᠭᠦᠢᠴᠡᠳ ᠢᠯᠡᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠤᠮᠳᠠᠳᠤ ᠤᠯᠤᠰ ᠤᠨ ᠬᠥᠭᠵᠢᠯᠲᠡ ᠶᠢᠨ | ᠲᠦᠷᠭᠡᠨ ᠲᠡᠷᠭᠡᠨ ᠳᠤ ᠰᠠᠭᠤᠵᠤ᠂ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠳᠤ ᠴᠢᠬᠤᠯᠠ ᠲᠠᠪᠴᠠᠩ ᠬᠠᠩᠭᠠᠵᠠᠢ᠃ ᠣᠳᠣᠬᠠᠨ ᠳᠤ ᠳᠡᠯᠡᠬᠡᠢ ᠶᠢᠨ ᠠᠵᠤ | ᠠᠬᠤᠢ ᠶᠢᠨ ᠪᠠᠶᠢᠳᠠᠯ ᠮᠠᠰᠢ ᠤᠯᠠᠨ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠶᠡᠬᠡᠳᠡ ᠰᠢᠷᠦᠭᠦᠰᠴᠦ | ᠪᠠᠶᠢᠨ᠎ᠠ᠃ ᠳᠡᠯᠡᠬᠡᠢ ᠶᠢᠨ ᠡᠯ᠎ᠡ ᠤᠯᠤᠰ ᠳᠤᠮᠳᠠᠳᠤ ᠤᠯᠤᠰ ᠲᠤ ᠠᠩᠬᠠᠷᠤᠯ ᠢᠶᠠᠨ ᠬᠠᠨᠳᠤᠭᠤᠯᠵᠤ ᠪᠤᠢ᠂ ᠳᠤᠮᠳᠠᠳᠤ ᠤᠯᠤᠰ ᠳᠡᠯᠡᠬᠡᠢ ᠶᠢᠨ ᠠᠵᠤ ᠠᠬᠤᠢ ᠶᠢᠨ | ᠨᠡᠮᠡᠭᠳᠡᠯ ᠤᠨ ᠬᠠᠮᠤᠭ ᠤᠨ ᠴᠢᠬᠤᠯᠠ ᠬᠥᠳᠡᠯᠭᠡᠭᠦᠷ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ | ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ ᠤᠯᠠᠨ ᠲᠠᠯᠠᠲᠤ | ᠦᠵᠡᠯ ᠢ ᠪᠠᠷᠢᠮᠲᠠᠯᠠᠨ᠂ ᠴᠢᠯᠦᠭᠡᠲᠦ ᠠᠷᠠᠯᠵᠢᠶ᠎ᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠠᠭᠠᠯᠠᠵᠤ᠂ ᠳᠡᠯᠡᠬᠡᠢ ᠶᠢᠨ ᠬᠠᠮᠲᠤ ᠶᠢᠨ ᠬᠥᠭᠵᠢᠯᠲᠡ ᠪᠠ | ᠴᠡᠴᠡᠭᠯᠡᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭ᠎ᠠ ᠪᠠᠨ ᠬᠠᠮᠲᠤᠳᠬᠠᠭᠰᠠᠨ ᠢᠷᠡᠭᠡᠳᠦᠢ ᠶᠢ | ᠬᠠᠮᠲᠤ ᠪᠠᠷ ᠴᠣᠭᠴᠠᠯᠠᠨ᠎ᠠ ᠭᠡᠵᠦ ᠢᠯᠡᠷᠬᠡᠶᠢᠯᠡᠵᠡᠭᠡᠪᠡ᠃ | ᠰᠢ ᠶᠢᠨ ᠫᠢᠩ ᠭᠠᠳᠠᠭᠠᠳᠤ ᠶᠢᠨ ᠲᠠᠯ᠎ᠠ ᠶᠢᠨ ᠲᠥᠯᠥᠭᠡᠯᠡᠭᠴᠢ ᠶᠢᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠯᠡᠬᠡᠢ ᠶᠢᠨ ᠠᠵᠤ ᠠᠬᠤᠢ᠂ | ᠳᠤᠮᠳᠠᠳᠤ ᠤᠯᠤᠰ ᠤᠨ ᠠᠵᠤ ᠠᠬᠤᠢ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠵᠡᠷᠭᠡ ᠨᠦᠭᠦᠭᠡ ᠡᠲᠡᠭᠡᠳ ᠤᠨ ᠬᠢᠨ ᠤ ᠠᠩᠬᠠᠷᠴᠤ ᠪᠠᠶᠢᠭ᠎ᠠ | ᠠᠰᠠᠭᠤᠳᠠᠯ ᠤᠨ ᠲᠤᠬᠠᠢ ᠬᠠᠷᠢᠭᠤᠯᠪᠠ᠃ | | | | 12 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ︽ | 1 + 10︾ ᠶᠢᠨ ᠶᠠᠷᠢᠯᠴᠠᠭ᠎ᠠ ᠶᠢᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠭᠤᠣᠯ ᠪᠤᠯᠬᠤ ᠣᠯᠠᠨ ᠤᠯᠤᠰ ᠤᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ᠂ ᠳᠡᠯᠡᠬᠡᠢ ᠶᠢᠨ ᠠᠵᠤ ᠠᠬᠤᠢ ᠶᠢᠨ ᠡᠷᠴᠢᠮᠲᠡᠢ ᠪᠥᠭᠡᠳ ᠦᠷᠭᠦᠯᠵᠢᠯᠡᠬᠦ ᠨᠡᠮᠡᠭᠳᠡᠯ ᠤᠨ ᠵᠠᠮ ᠢᠶᠠᠷ ᠵᠠᠮᠨᠠᠬᠤ ᠶᠢ ᠬᠡᠷᠬᠢᠨ ᠠᠬᠢᠭᠤᠯᠬᠤ ᠪᠣᠯ | ᠳᠡᠯᠡᠬᠡᠢ ᠨᠡᠶᠢᠭᠡᠮ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠰᠡᠳᠦᠪ ᠪᠣᠯᠣᠨ᠎ᠠ᠃ ᠡᠯ᠎ᠡ ᠤᠯᠤᠰ ᠤᠨ ᠠᠵᠤ ᠠᠬᠤᠢ ᠥᠪᠡᠷ ᠥᠪᠡᠷ ᠤᠨ ᠬᠦᠴᠢᠷᠳᠡᠯ ᠲᠠᠢ ᠪᠣᠯᠬᠤᠷ | ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠰᠢᠰᠲ᠋ᠧᠮ ᠢ ᠬᠠᠮᠲᠤᠷᠠᠯᠴᠠᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ | ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠪᠠᠭ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠵᠡᠷᠭᠡ ᠴᠢᠬᠤᠯᠠ ᠠᠵᠠ ᠲᠣᠭᠢᠶᠠᠯ ᠢ | ᠰᠠᠶᠢᠲᠤᠷ ᠡᠵᠡᠮᠳᠡᠵᠦ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠤ ᠢᠷᠡᠯᠲᠡ ᠶᠢ ᠡᠭᠦᠳᠴᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠤ | ᠤᠯᠤᠰ ᠠᠯᠤᠰᠯᠠᠨ ᠰᠢᠯᠵᠢᠭᠦ ᠶᠢ ᠳᠡᠮᠵᠢᠪᠡᠯ ᠵᠣᠬᠢᠨ᠎ᠠ᠃ ︽ᠵᠢᠵᠢᠭ ᠬᠦᠷᠢᠶ᠎ᠡ ᠥᠨᠳᠥᠷ ᠬᠡᠷᠡᠮ︾ ᠪᠠᠶᠢᠭᠤᠯᠵᠤ᠂ ︽ᠬᠠᠷᠢᠴᠠᠭ᠎ᠠ ᠪᠠᠨ ᠰᠠᠯᠭᠠᠵᠤ ᠬᠡᠯᠬᠢᠶ᠎ᠡ ᠪᠠᠨ | ᠲᠠᠰᠤᠯᠬᠤ︾ ᠨᠢ ᠪᠤᠰᠤᠳ ᠢ ᠬᠤᠬᠢᠷᠠᠭᠤᠯᠬᠤ ᠮᠥᠷᠲᠡᠭᠡᠨ ᠪᠠᠰᠠ ᠥᠪᠡᠷ ᠤᠨ ᠪᠡᠶ᠎ᠡ ᠳᠡᠭᠡᠨ ᠴᠤ ᠠᠰᠢᠭ ᠦᠭᠡᠢ ᠶᠤᠮ᠃ ᠳᠤᠮᠳᠠᠳᠤ ᠶᠢᠨ ᠬᠢᠨ ᠢᠮᠠᠭᠲᠠ᠂ | ᠳᠤᠮᠳᠠᠳᠤ ᠤᠯᠤᠰ ᠰᠠᠶᠢᠨ ᠪᠣᠯ ᠳᠡᠯᠡᠬᠡᠢ ᠶᠢᠷᠲᠢᠨᠴᠦ ᠰᠠᠶ᠋ᠢ ᠰᠠᠶᠢᠨ︔ ᠳᠡᠯᠡᠭᠡᠢ ᠶᠢᠷᠲᠢᠨᠴᠦ ᠰᠠᠶᠢᠨ ᠪᠣᠯ ᠳᠤᠮᠳᠠᠳᠤ ᠤᠯᠤᠰ ᠨᠡᠩ ᠰᠠᠶᠢᠨ ᠰᠠᠶᠢᠬᠠᠨ ᠪᠣᠯᠣᠨ᠎ᠠ ᠭᠡᠵᠦ | ᠦᠵᠡᠭᠰᠡᠭᠡᠷ ᠢᠷᠡᠵᠡᠶ᠃ ᠡᠯ᠎ᠡ ᠤᠯᠤᠰ ᠤᠨ ᠬᠢᠨ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠨ ᠣᠷᠣᠰᠢᠬᠤ ᠶᠢ ᠠᠰᠢᠭᠲᠠᠢ ᠲᠠᠯ᠎ᠠ ᠶᠢ ᠨᠢ ᠠᠪᠴᠤ | ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠠᠶᠢᠨ ᠶᠠᠪᠤᠳᠠᠯ ᠢᠶᠠᠷ ᠦᠵᠡᠵᠦ᠂ ᠬᠠᠷᠢᠨ ᠠᠶᠤᠯ | ᠲᠦᠭᠰᠢᠭᠦᠷᠢ ᠪᠠᠷ ᠦᠵᠡᠬᠦ ᠦᠭᠡᠢ ᠪᠣᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ᠬᠤᠯᠪᠣᠭᠳᠠᠯ ᠪᠦᠬᠦᠢ ᠪᠠᠶᠢᠳᠠᠯ ᠢᠯᠠᠩᠭᠤᠶ᠎ᠠ ᠳᠤᠮᠳᠠᠳᠤ ᠤᠯᠤᠰ ᠤᠨ ᠣᠶᠢᠷ᠎ᠠ ᠶᠢᠨ ᠬᠤᠭᠤᠴᠠᠭᠠᠨ ᠳᠤ ᠲᠣᠭᠲᠠᠭᠠᠭᠰᠠᠨ ᠰᠢᠷᠢᠰ ᠴᠢᠬᠤᠯᠠ ᠠᠷᠭ᠎ᠠ ᠬᠡᠮᠵᠢᠶ᠎ᠡ ᠶᠢ | ᠲᠠᠨᠢᠯᠴᠠᠭᠤᠯᠵᠤ᠂ 40 ᠭᠠᠷᠤᠢ ᠵᠢᠯ ᠤᠨ ᠦᠷᠭᠦᠯᠵᠢᠯᠡᠭᠰᠡᠨ ᠲᠦᠷᠭᠡᠨ ᠬᠥᠭᠵᠢᠯᠲᠡ ᠪᠠᠷ ᠳᠠᠮᠵᠢᠨ ᠳᠤᠮᠳᠠᠳᠤ ᠤᠯᠤᠰ ᠤᠨ ᠠᠵᠤ ᠠᠬᠤᠢ ᠨᠢᠭᠡᠨᠲᠡ ᠴᠢᠨᠠᠷ ᠰᠠᠶᠢᠲᠠᠢ | ᠬᠥᠭᠵᠢᠯᠲᠡ ᠶᠢᠨ ᠱᠠᠲᠤᠨ ᠳᠤ ᠣᠷᠣᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠭᠦ ᠨᠤᠷᠮ᠎ᠠ 30% ᠣᠷᠴᠢᠮ ᠪᠠᠶᠢᠬᠤ ᠶᠢ | ᠪᠠᠲᠤᠯᠠᠪᠠ᠃ ᠳᠤᠮᠳᠠᠳᠤ ᠤᠯᠤᠰ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠪᠠᠨ ᠪᠡᠶᠡᠯᠡᠭᠦᠯᠬᠦ ᠳᠤ ᠢᠲᠡᠭᠡᠯ ᠲᠡᠭᠦᠯᠳᠡᠷ ᠪᠠᠶᠢᠵᠤ᠂ ᠳᠡᠯᠡᠬᠡᠢ ᠶᠢᠨ | ᠠᠵᠤ ᠠᠬᠤᠢ ᠶᠢᠨ ᠨᠡᠮᠡᠭᠳᠡᠯ ᠤᠨ ᠬᠠᠮᠤᠭ ᠤᠨ ᠶᠡᠭᠡ ᠬᠥᠳᠡᠯᠭᠡᠭᠦᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ | ᠨᠡᠭᠡᠭᠡᠯᠲᠡᠲᠡᠢ ᠪᠠᠭᠲᠠᠭᠠᠮᠵᠢᠲᠠᠢ ᠶᠤᠮ᠂ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ | ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ | ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠠᠶᠢᠭᠤᠯᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ | ᠰᠢᠨ᠎ᠡ ᠪᠠᠶᠢᠭᠤᠯᠤᠯ ᠢ ᠪᠠᠶᠢᠭᠤᠯᠵᠤ᠂ ᠳᠡᠯᠡᠬᠡᠢ ᠶᠢᠨ ᠡᠯ᠎ᠡ ᠤᠯᠤᠰ ᠤᠨ ᠬᠥᠭᠵᠢᠯᠲᠡ ᠳᠤ ᠨᠠᠩ ᠣᠯᠠᠨ ᠰᠢᠨ᠎ᠡ ᠠᠵᠠ ᠲᠣᠭᠢᠶᠠᠯ ᠬᠠᠩᠭᠠᠵᠤ᠂ ᠨᠠᠩ ᠣᠯᠠᠨ | ᠬᠥᠭᠵᠢᠯᠲᠡ ᠶᠢᠨ ᠠᠰᠢᠭ ᠢ ᠬᠤᠪᠢᠶᠠᠯᠴᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ ᠣᠯᠣᠭᠰᠠᠨ ᠢᠳᠡᠪᠬᠢᠲᠡᠢ ᠠᠬᠢᠴᠠ ᠶᠢ | ᠲᠠᠨᠢᠯᠴᠠᠭᠤᠯᠵᠤ᠂ ᠳᠤᠮᠳᠠᠳᠤ ᠤᠯᠤᠰ ᠪᠣᠯ ᠪᠣᠳᠠᠲᠠᠢ ᠠᠵᠢᠯᠯᠠᠭᠴᠢ᠂ ᠢᠳᠡᠪᠬᠢᠲᠡᠢ ᠦᠢᠯᠡᠳᠦᠯᠭᠡᠵᠢᠭᠦᠯᠦᠭᠴᠢ ᠮᠥᠨ᠂ ︽ᠬᠠᠳᠠᠭᠠᠰᠤ ᠬᠠᠳᠠᠬᠤ︾ ᠵᠣᠷᠢᠭ | ᠰᠠᠨᠠᠭ᠎ᠠ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠪᠣᠯᠣᠨ ᠳᠡᠯᠡᠬᠡᠢ | ᠳ᠋ᠠᠬᠢᠨ ᠤ ᠬᠠᠮᠲᠤ ᠶᠢᠨ ᠬᠥᠭᠵᠢᠯᠲᠡ ᠶᠢᠨ ᠬᠥᠭᠦᠷᠭᠡ ᠶᠢ ᠴᠣᠭᠴᠠᠯᠠᠨ ᠪᠠᠶᠢᠭᠤᠯᠪᠠ᠃ ᠡᠯ᠎ᠡ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠬᠢᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ | ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠬᠤ ᠶᠢ | ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃ | ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠲᠤᠬᠠᠢ ᠰᠢ ᠶᠢᠨ ᠫᠢᠩ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ | ᠪᠦᠲᠦᠮᠵᠢᠲᠡᠢ᠂ ᠵᠢᠳᠬᠦᠯ ᠴᠢᠷᠮᠠᠶᠢᠯᠭ᠎ᠠ ᠲᠠᠢ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠠᠴᠠ ᠰᠠᠯᠵᠤ ᠴᠢᠳᠠᠬᠤ ᠦᠭᠡᠢ ᠶᠤᠮ᠃ ᠤᠯᠠᠨ ᠤᠯᠤᠰ ᠤᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠴᠠᠭ ᠦᠶ᠎ᠡ ᠶᠢᠨ ᠬᠦᠰᠡᠯ ᠱᠠᠭᠠᠷᠳᠠᠯᠭ᠎ᠠ ᠪᠠ ᠳᠡᠯᠡᠬᠡᠢ ᠶᠢᠨ ᠠᠷᠠᠳ | ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ | ᠢᠳᠡᠪᠬᠢᠲᠡᠢ ᠣᠷᠤᠯᠴᠠᠬᠤ ᠪᠠ ᠠᠬᠢᠭᠤᠯᠵᠤ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ | ᠪᠠᠶᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠬᠥᠭᠵᠢᠯᠲᠡ ᠬᠤᠪᠢᠷᠠᠯᠲᠠ ᠶᠢ ᠲᠤᠰᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠨᠡᠮᠡᠭᠳᠡᠭᠦᠯᠦᠶ᠎ᠡ᠃ ᠡᠯ᠎ᠡ ᠲᠠᠯ᠎ᠠ ᠶᠢᠨ ᠬᠢᠨ ᠡᠨᠡ ᠲᠠᠯ᠎ᠠ ᠪᠠᠷ ᠨᠢᠭᠡᠨᠲᠡ ᠡᠳᠦᠢ ᠲᠡᠳᠦᠢ | ᠬᠠᠮᠲᠤ ᠶᠢᠨ ᠲᠠᠨᠢᠯᠲᠠ ᠲᠠᠢ ᠪᠣᠯᠪᠠ᠂ ᠡᠭᠦᠨ ᠤ ᠵᠠᠩᠭᠢᠯᠠᠭ᠎ᠠ ᠨᠢ ᠬᠦᠰᠡᠯ ᠡᠷᠡᠮᠡᠯᠵᠡᠯ ᠢᠶᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ ᠪᠦᠭᠦ | ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠠᠭᠠᠬᠢᠵᠤ ᠥᠭᠡᠷᠡᠴᠢᠯᠡᠯᠲᠡ ᠬᠢᠭᠰᠡᠨ ᠴᠦ᠂ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ | ᠡᠳ᠋ᠯᠡᠬᠦ ᠵᠠᠷᠴᠢᠮ ᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠠᠰᠢᠭ ᠤᠨ ᠡᠷᠬᠡ ᠲᠡᠭᠰᠢ᠂ ᠠᠵᠠ ᠲᠣᠭᠢᠶᠠᠯ ᠤᠨ | ᠡᠷᠬᠡ ᠲᠡᠭᠰᠢ᠂ ᠳᠦᠷᠢᠮ ᠤᠨ ᠡᠷᠬᠡ ᠲᠡᠭᠰᠢ ᠪᠠᠶᠢᠬᠤ ᠶᠢ ᠪᠠᠲᠤᠯᠠᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠪᠠᠰᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠬᠥᠭᠵᠢᠭᠦᠯᠬᠦ ᠲᠤᠬᠠᠢ ᠳᠤᠮᠳᠠᠳᠤ ᠶᠢᠨ ᠲᠠᠯ᠎ᠠ ᠶᠢᠨ ᠢᠮᠠᠭᠲᠠ ᠶᠢᠨ ᠵᠠᠷᠴᠢᠮ | ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠠᠮᠧᠷᠢᠺᠠ ᠶᠢᠨ ᠵᠠᠰᠠᠭ ᠤᠨ ᠣᠷᠳᠣᠨ ᠲᠠᠢ ᠶᠠᠷᠢᠯᠴᠠᠭ᠎ᠠ ᠪᠠᠨ ᠪᠠᠲᠤᠯᠠᠵᠤ | ᠂ ᠬᠠᠮᠲᠤᠷᠠᠯᠴᠠᠭ᠎ᠠ ᠪᠠᠨ ᠥᠷᠭᠡᠳᠬᠡᠵᠦ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ | ᠦᠷᠭᠦᠯᠵᠢᠯᠡᠬᠦ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠂ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠬᠢᠨ ᠲᠠᠢ ᠠᠳᠠᠯᠢ ᠴᠢᠭᠯᠡᠯ ᠢᠶᠠᠷ | ᠤᠷᠤᠭᠰᠢᠯᠠᠬᠤ ᠶᠢ ᠬᠦᠰᠡᠵᠦ ᠪᠠᠶᠢᠨ᠎ᠠ᠃ ᠪᠣᠭᠤᠮᠲᠠ ᠶᠢᠨ ᠭᠠᠶᠢᠯᠢ ᠶᠢᠨ ᠲᠡᠶᠢᠠ᠂ ᠠᠷᠠᠯᠵᠢᠶᠠᠨ ᠤ ᠲᠡᠶᠢᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠡᠶᠢᠠ | ᠨᠢ ᠲᠡᠦᠬᠡ ᠶᠢᠨ ᠤᠷᠤᠰᠬᠠᠯ ᠪᠠ ᠠᠵᠤ ᠠᠬᠤᠢ ᠶᠢᠨ ᠵᠢᠮ᠎ᠡ ᠶᠣᠰᠣ ᠠᠴᠠ ᠵᠥᠷᠢᠴᠡᠭᠰᠡᠨ ᠪᠣᠯᠬᠤᠷ ᠢᠯᠠᠭᠴᠢ ᠪᠤᠯᠬᠤ ᠬᠦᠰᠡᠯ ᠨᠢ ᠪᠡᠶᠡᠯᠡᠭᠳᠡᠵᠦ ᠴᠢᠳᠠᠬᠤ ᠦᠭᠡᠢ ᠶᠤᠮ | ᠃ ᠳᠤᠮᠳᠠᠳᠤ ᠤᠯᠤᠰ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠢ ᠢᠮᠠᠭᠲᠠ ᠪᠠᠷᠢᠮᠲᠠᠯᠠᠵᠤ᠂ ᠥᠪᠡᠷ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠨ᠎ᠠ᠃ ᠡᠭᠦᠨ ᠤ ᠬᠠᠮᠲᠤ ᠳᠤᠮᠳᠠᠳᠤ ᠶᠢᠨ ᠲᠠᠯ᠎ᠠ ᠶᠢᠨ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ ᠡᠷᠡᠰ ᠵᠣᠷᠢᠭ ᠬᠤᠪᠢᠷᠠᠬᠤ ᠦᠭᠡᠢ ᠶᠤᠮ ᠭᠡᠵᠦ ᠴᠢᠬᠤᠯᠠᠴᠢᠯᠠᠪᠠ᠃ | ᠸᠠᠩ ᠢ ᠠᠭᠤᠯᠵᠠᠯᠲᠠ ᠳᠤ ᠣᠷᠣᠯᠴᠠᠵᠠᠢ᠃ | | |