ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 10 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 12 ᠰᠠᠷ᠎ᠠ ᠶᠢᠨ 9 ᠤ ᠦᠳᠡ ᠶᠢᠨ ᠬᠤᠶᠢᠨ᠎ᠠ ᠮᠠᠨ ᠤ ᠤᠯᠤᠰ ᠤᠨ ᠲᠡᠦᠬᠡᠨ ᠳᠡᠭᠡᠷᠡᠬᠢ ᠬᠢᠯᠢ ᠬᠢᠵᠠᠭᠠᠷ ᠤᠨ | ᠵᠠᠰᠠᠯᠲᠠ ᠶᠢᠨ ᠲᠤᠬᠠᠢ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠬᠢᠯᠢ ᠬᠢᠵᠠᠭᠠᠷ ᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠢ ᠰᠠᠶᠢᠲᠤᠷ ᠬᠢᠵᠦ᠂ ᠬᠢᠯᠢ ᠬᠢᠵᠠᠭᠠᠷ | ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ᠂ ᠳᠤᠮᠳᠠᠳᠤ ᠤᠯᠤᠰ ᠤᠨ | ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᠭᠦᠸᠧ ᠴᠢᠶᠠᠩ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠬᠤ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠲᠥᠷᠥ ᠶᠢ ᠵᠠᠰᠠᠵᠤ ᠵᠠᠰᠠᠭ ᠢ ᠡᠷᠭᠢᠯᠡᠭᠦ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ᠂ ︽ | ᠤᠯᠤᠰ ᠢ ᠵᠠᠰᠠᠬᠤ ᠳᠤ ᠡᠷᠬᠡᠪᠰᠢ ᠬᠢᠯᠢ ᠬᠢᠵᠠᠭᠠᠷ ᠢ ᠵᠠᠰᠠᠬᠤ︾᠂ ︽ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ | ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ︾ ᠵᠡᠷᠭᠡ ᠠᠯᠢ ᠣᠯᠠᠨ ᠴᠢᠬᠤᠯᠠ ᠨᠤᠲᠠᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠬᠢᠯᠢ ᠬᠢᠵᠠᠭᠠᠷ ᠣᠷᠣᠨ ᠤ ᠪᠦᠭᠦ ᠤᠯᠤᠰ ᠲᠠᠢ ᠬᠠᠮᠲᠤ ᠪᠠᠷ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ | ᠪᠦᠲᠦᠭᠡᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠶᠢ ᠠᠬᠢᠭᠤᠯᠵᠤ᠂ ᠬᠢᠯᠢ | ᠬᠢᠵᠠᠭᠠᠷ ᠤᠨ ᠵᠠᠰᠠᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠬᠢᠯᠢ ᠬᠢᠵᠠᠭᠠᠷ ᠤᠨ ᠵᠠᠰᠠᠯᠲᠠ ᠶᠢᠨ ᠡᠯ᠎ᠡ ᠲᠠᠯ᠎ᠠ ᠪᠦᠭᠦ ᠶᠠᠪᠤᠴᠠ ᠳᠤ | ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠬᠢᠯᠢ ᠬᠢᠵᠠᠭᠠᠷ ᠤᠨ ᠵᠠᠰᠠᠯᠲᠠ ᠶᠢ ᠡᠯ᠎ᠡ ᠲᠠᠯ᠎ᠠ ᠶᠢᠨ ᠠᠵᠢᠯ ᠦᠢᠯᠡᠰ ᠤᠨ ᠬᠥᠭᠵᠢᠯᠲᠡ ᠳᠤ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠷᠢᠭᠲᠠᠢ ᠪᠠᠷ ᠡᠭᠦᠷᠭᠡᠯᠡᠨ᠂ ᠨᠢᠭᠲᠠ ᠬᠠᠮᠵᠢᠯᠴᠠᠵᠤ᠂ | ᠬᠠᠮᠲᠤᠷᠠᠯ ᠬᠦᠴᠦᠨ ᠢ ᠪᠤᠶ ᠪᠤᠯᠭᠠᠬᠤ ᠬᠡᠷᠡᠭᠲᠡᠢ᠃ ᠬᠢᠯᠢ ᠬᠢᠵᠠᠭᠠᠷ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠠᠮ ᠤᠨ ᠲᠥᠪ | ᠬᠤᠷᠢᠶ᠎ᠠ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠬᠤ ᠶᠢ ᠢᠮᠠᠭᠲᠠ ᠲᠤᠭᠤᠰᠢᠯᠠᠭᠤᠯᠬᠤ ᠶᠢᠨ ᠬᠠᠮᠲᠤ ᠡᠯ᠎ᠡ ᠵᠦᠢᠯ ᠤᠨ ᠲᠥᠯᠦᠪᠵᠢᠭᠦᠯᠭᠡ᠂ ᠬᠠᠤᠯᠢ | ᠲᠣᠭᠲᠠᠭᠠᠯ᠂ ᠲᠦᠷᠦ ᠶᠢᠨ ᠪᠣᠳᠣᠯᠭ᠎ᠠ᠂ ᠲᠦᠷᠦᠯ ᠵᠦᠢᠯ ᠢ ᠪᠣᠳᠠᠲᠠᠢ ᠤᠬᠠᠭᠠᠯᠠᠨ ᠲᠥᠯᠥᠪᠯᠡᠬᠦ ᠪᠠ ᠬᠡᠷᠡᠭᠵᠢᠭᠦᠯᠬᠦ ᠳᠤᠮᠳᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠢᠯᠢ ᠬᠢᠵᠠᠭᠠᠷ ᠣᠷᠣᠨ ᠢ ᠨᠢᠭᠡ ᠶᠢ ᠴᠦ ᠣᠷᠬᠢᠭᠳᠠᠭᠤᠯᠵᠤ | ᠪᠤᠯᠬᠤ ᠦᠭᠡᠢ᠃ ᠬᠢᠯᠢ ᠬᠢᠵᠠᠭᠠᠷ ᠣᠷᠣᠨ ᠤ ᠬᠥᠭᠵᠢᠯᠲᠡ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ | ᠲᠠᠯ᠎ᠠ ᠳᠤ ᠣᠷᠣᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠳᠤ ᠣᠷᠣᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠢᠯᠢ | ᠬᠢᠵᠠᠭᠠᠷ ᠣᠷᠣᠨ ᠤ ᠲᠣᠰ ᠪᠡᠶ᠎ᠡ ᠶᠢᠨ ᠨᠥᠬᠦᠴᠡᠯ ᠪᠠ ᠥᠪᠡᠷᠮᠢᠴᠡ ᠳᠠᠪᠠᠭᠤᠯᠢᠭ ᠲᠠᠭᠠᠨ ᠲᠦᠰᠢᠭᠯᠡᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠠᠭᠤᠰᠤᠯᠴᠠᠬᠤ ᠳᠤᠮᠳᠠ ᠲᠣᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠨ ᠪᠡᠶᠡᠯᠡᠭᠦᠯᠬᠦ ᠶᠢ | ᠳᠡᠮᠵᠢᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠠᠮᠢᠵᠢᠷᠠᠯ ᠤᠨ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠬᠢᠯᠢ | ᠬᠢᠵᠠᠭᠠᠷ ᠣᠷᠣᠨ ᠤ ᠳᠠᠯᠠᠢ ᠳᠠᠭᠠᠤ᠂ ᠬᠢᠯᠢ ᠳᠠᠭᠠᠤ ᠪᠠᠶᠢᠷᠢᠯᠠᠵᠤ ᠪᠠᠶᠢᠬᠤ ᠵᠡᠷᠭᠡ ᠳᠠᠪᠠᠭᠤᠯᠢᠭ ᠢ ᠪᠠᠳᠠᠷᠠᠭᠤᠯᠵᠤ᠂ ᠣᠯᠠᠨ ᠶᠠᠩᠵᠤ ᠭᠡᠯᠪᠡᠷᠢ ᠶᠢᠨ ᠨᠡᠭᠡᠭᠡᠯᠲᠡ ᠶᠢᠨ | ᠥᠨᠳᠦᠷᠯᠢᠭ ᠢ ᠴᠣᠭᠴᠠᠯᠠᠵᠤ᠂ ᠡᠬᠡ ᠬᠠᠭᠤᠷᠠᠢ ᠳᠠᠯᠠᠢ ᠲᠠᠩᠭᠢᠰ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠭᠰᠡᠨ᠂ ᠵᠡᠭᠦᠨ ᠪᠠᠷᠠᠭᠤᠨ ᠣᠷᠣᠨ ᠬᠤᠣᠰ | ᠴᠢᠭᠯᠡᠯ ᠢᠶᠠᠷ ᠬᠠᠷᠢᠯᠴᠠᠨ ᠬᠠᠪᠰᠤᠷᠤᠯᠴᠠᠭᠰᠠᠨ ᠪᠦᠭᠦ ᠲᠠᠯ᠎ᠠ ᠶᠢᠨ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠶᠠᠨ ᠤ ᠲᠥᠪ ᠢᠶᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ | ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠬᠢᠯᠢ ᠬᠢᠵᠠᠭᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠰᠠᠭᠤᠷᠢ | ᠲᠥᠬᠦᠭᠡᠷᠦᠮᠵᠢ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠠᠷ ᠬᠢᠯᠢ ᠬᠢᠵᠠᠭᠠᠷ ᠤᠨ ᠦᠨᠳᠦᠰᠦᠲᠡᠨ ᠤ | ᠭᠠᠵᠠᠷ ᠣᠷᠣᠨ ᠤ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠥᠷᠭᠡᠨ ᠢᠶᠠᠷ ᠦᠢᠯᠡᠳᠦᠯᠭᠡᠵᠢᠭᠦᠯᠵᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠠᠭᠤᠤ ᠶᠡᠭᠡ ᠡᠬᠡ | ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ | ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ | ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠠᠷᠢᠯᠴᠠᠨ ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠵᠤ᠂ | ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠷ ᠬᠢᠯᠢ ᠬᠢᠵᠠᠭᠠᠷ ᠤᠨ ᠵᠠᠰᠠᠯᠲᠠ ᠶᠢᠨ ᠬᠤᠷᠢᠭ᠎ᠠ | ᠱᠤᠭᠤᠮ ᠤᠨ ᠱᠠᠭᠠᠷᠳᠠᠯᠭ᠎ᠠ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠬᠢᠯᠢ ᠬᠢᠵᠠᠭᠠᠷ ᠣᠷᠣᠨ ᠤ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠦᠬᠦᠯᠢ | ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠢᠯᠢ ᠬᠢᠵᠠᠭᠠᠷ ᠤᠨ ᠵᠠᠰᠠᠯᠲᠠ ᠶᠢ ᠠᠬᠢᠭᠤᠯᠬᠤ ᠳᠤ ᠤᠨᠤᠯ ᠤᠨ ᠲᠤᠯᠭᠠᠭᠤᠷᠢᠯᠠᠯ ᠢ ᠴᠢᠩᠭᠠᠳᠬᠠᠬᠤ ᠴᠢᠬᠤᠯᠠᠲᠠᠢ᠃ ᠬᠢᠯᠢ ᠬᠢᠵᠠᠭᠠᠷ ᠤᠨ | ᠲᠡᠦᠬᠡ ᠪᠠ ᠬᠢᠯᠢ ᠬᠢᠵᠠᠭᠠᠷ ᠤᠨ ᠵᠠᠰᠠᠯᠲᠠ ᠲᠠᠢ ᠬᠤᠯᠪᠣᠭᠳᠠᠬᠤ ᠤᠯᠠᠨ ᠰᠢᠨᠵᠢᠯᠡᠭᠡᠨ ᠤ ᠰᠤᠳᠤᠯᠭᠠᠨ ᠢ ᠴᠢᠩᠭᠠᠳᠬᠠᠵᠤ᠂ ᠳᠤᠮᠳᠠᠳᠤ ᠤᠯᠤᠰ ᠤᠨ ᠪᠡᠶ᠎ᠡ ᠪᠠᠨ | ᠳᠠᠭᠠᠭᠠᠭᠰᠠᠨ ᠬᠢᠯᠢ ᠬᠢᠵᠠᠭᠠᠷ ᠤᠨ ᠰᠤᠳᠤᠯᠭᠠᠨ ᠤ ᠮᠡᠳᠡᠯᠭᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠢᠯᠢ ᠬᠢᠵᠠᠭᠠᠷ ᠤᠨ ᠵᠠᠰᠠᠯᠲᠠ ᠶᠢᠨ ᠴᠢᠬᠤᠯᠠ | ᠶᠡᠭᠡ ᠣᠨᠣᠯ ᠪᠠ ᠪᠣᠳᠠᠲᠤ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠨᠥᠯᠥᠭᠡᠯᠡᠬᠦ ᠬᠦᠴᠦᠨ ᠲᠠᠢ᠂ ᠢᠲᠡᠭᠡᠭᠦᠯᠬᠦ ᠬᠦᠴᠦᠨ ᠲᠠᠢ ᠰᠤᠳᠤᠯᠭᠠᠨ ᠤ ᠦᠷ᠎ᠡ | ᠪᠦᠲᠦᠭᠡᠯ ᠢ ᠨᠠᠩ ᠣᠯᠠᠨ ᠡᠭᠦᠳᠬᠦ ᠬᠡᠷᠡᠭᠲᠡᠢ᠃ ᠬᠢᠯᠢ ᠬᠢᠵᠠᠭᠠᠷ ᠤᠨ ᠰᠤᠳᠤᠯᠭᠠᠨ ᠤ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠬᠢᠯᠢ ᠬᠢᠵᠠᠭᠠᠷ ᠤᠨ ᠵᠠᠰᠠᠯᠲᠠ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠤᠯᠤᠰ ᠲᠥᠷᠥ ᠶᠢᠨ ᠵᠣᠭᠰᠣᠯᠲᠠ ᠪᠠᠲᠤ᠂ ᠣᠨᠣᠯ ᠤᠨ | ᠪᠣᠯᠪᠠᠰᠤᠷᠠᠯ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠷ ᠴᠢᠩᠭ᠎ᠠ ᠬᠢᠯᠢ ᠬᠢᠵᠠᠭᠠᠷ ᠤᠨ ᠵᠠᠰᠠᠯᠲᠠ ᠶᠢᠨ ᠰᠤᠳᠤᠯᠭᠠᠨ ᠤ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | |