ᠰᠤᠷᠪᠤᠯᠵᠢᠯᠠᠭᠴᠢ 11 ᠤ ᠡᠳᠦᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠭᠤᠸᠠᠩᠳᠦ᠋ᠩ ᠮᠤᠵᠢ ᠶᠢᠨ ᠱᠧᠨᠵᠧᠨ ᠬᠤᠲᠠ ᠶᠢᠨ ᠪᠦᠦ ᠠᠨ ᠲᠣᠭᠤᠷᠢᠭ ᠤᠨ ᠨᠢᠭᠡᠨ | ᠪᠠᠷᠢᠯᠭ᠎ᠠ ᠶᠢᠨ ᠭᠠᠵᠠᠷ ᠲᠠᠬᠢ ᠵᠠᠮ ᠤᠨ ᠭᠠᠳᠠᠷᠭᠤ ᠶᠢᠨ ᠴᠦᠮᠦᠷᠡᠭᠰᠡᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠨᠡᠷ᠎ᠡ ᠵᠢᠭᠠᠵᠤ ᠰᠢᠮᠳᠠᠭᠤᠯᠬᠤ ᠪᠠᠷ ᠲᠣᠭᠲᠠᠪᠠ᠃ | ᠣᠶᠢᠯᠠᠭᠠᠭᠰᠠᠨ ᠢᠶᠠᠷ᠂ 2024 ᠣᠨ ᠤ 12 ᠳ᠋ᠤᠭᠠᠷ ᠰᠠᠷ᠎ᠠ ᠶᠢᠨ 4 ᠤ ᠡᠳᠦᠷ᠂ ᠭᠤᠸᠠᠩᠳᠦ᠋ᠩ ᠮᠤᠵᠢ ᠶᠢᠨ ᠱᠧᠨᠵᠧᠨ ᠬᠤᠲᠠ ᠶᠢᠨ ᠪᠦᠦ ᠠᠨ | ᠲᠣᠭᠤᠷᠢᠭ ᠤᠨ ᠬᠠᠩ ᠴᠧᠩ ᠵᠡᠭᠡᠯᠢ ᠭᠤᠳᠤᠮᠵᠢ ᠶᠢᠨ ᠱᠧᠨ ᠵᠢᠶᠠᠩ ᠲᠡᠮᠦᠷ ᠵᠠᠮ ᠤᠨ 5 ᠳ᠋ᠤᠭᠠᠷ ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠲᠤᠬᠠᠢ ᠶᠢᠨ | ᠲᠠᠯᠠᠪᠤᠷ ᠲᠤ ᠵᠠᠮ ᠤᠨ ᠭᠠᠳᠠᠷᠭᠤ ᠴᠦᠮᠦᠷᠡᠭᠰᠡᠨ ᠬᠦᠨᠳᠦ ᠶᠡᠭᠡ ᠠᠳᠡᠯ ᠭᠠᠷᠴᠤ᠂ ᠣᠲᠣ ᠨᠢᠭᠡᠨᠲᠡ 13 ᠬᠥᠮᠥᠨ ᠯᠦᠭᠡ ᠰᠤᠷᠠᠭ ᠴᠢᠮᠡᠭᠡ ᠲᠠᠰᠤᠷᠠᠭᠠᠳ ᠪᠠᠶᠢᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠡᠨᠡ ᠬᠦ ᠬᠦᠨᠳᠦ ᠶᠡᠭᠡ ᠠᠳᠡᠯ ᠢ ᠪᠠᠶᠢᠴᠠᠭᠠᠨ | ᠰᠢᠢᠳᠪᠦᠷᠢᠯᠡᠬᠦ ᠶᠢ ᠨᠡᠷ᠎ᠡ ᠵᠢᠭᠠᠨ ᠰᠢᠮᠳᠠᠭᠤᠯᠵᠤ ᠭᠦᠢᠴᠡᠳᠬᠡᠨ ᠬᠡᠷᠡᠭᠵᠢᠭᠦᠯᠬᠦ ᠪᠠᠷ ᠲᠣᠭᠲᠠᠭᠰᠠᠨ ᠪᠥᠭᠡᠳ ᠭᠤᠸᠠᠩᠳᠦ᠋ᠩ ᠮᠤᠵᠢ ᠶᠢ ︽ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠲᠣᠭᠲᠠᠭᠠᠯ ᠳᠦᠷᠢᠮ ᠤᠨ ᠶᠣᠰᠣᠭᠠᠷ᠂ ᠠᠳᠡᠯ ᠤᠨ ᠪᠠᠶᠢᠴᠠᠭᠠᠯᠲᠠ ᠶᠢ ᠱᠠᠯᠠᠪᠳᠠᠨ ᠵᠣᠬᠢᠶᠠᠨ ᠪᠠᠶᠢᠭᠤᠯᠤᠨ ᠥᠷᠨᠢᠭᠦᠯᠵᠦ᠂ ᠠᠳᠡᠯ ᠤᠨ ᠰᠢᠯᠲᠠᠭᠠᠨ ᠢ ᠦᠳᠲᠡᠷ | ᠲᠦᠷᠭᠡᠨ ᠪᠠᠶᠢᠴᠠᠭᠠᠨ ᠲᠣᠳᠣᠷᠬᠠᠶᠢᠯᠠᠵᠤ᠂ ᠠᠳᠡᠯ ᠢ ᠪᠠᠶᠢᠴᠠᠭᠠᠬᠤ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠢᠢᠳᠪᠦᠷᠢᠯᠡᠬᠦ ᠰᠠᠨᠠᠯ ᠢᠶᠠᠨ ᠰᠤᠳᠤᠯᠤᠨ | ᠳᠤᠷᠠᠳᠬᠤ ᠬᠡᠷᠡᠭᠲᠡᠢ᠃ ᠠᠳᠡᠯ ᠢ ᠪᠠᠶᠢᠴᠠᠭᠠᠵᠤ ᠳᠠᠭᠤᠰᠬᠤ ᠠᠴᠠ ᠡᠮᠦᠨ᠎ᠡ᠂ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ︵ᠲᠣᠭᠲᠠᠭᠠᠳᠤᠢ ᠨᠣᠣᠷᠠᠭ︶ ᠶᠢ | ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠵᠦ ᠬᠢᠨᠠᠨ ᠬᠠᠷᠭᠤᠭᠤᠯᠵᠤ | ᠵᠥᠪᠰᠢᠶᠡᠷᠡᠭᠦᠯᠦᠭᠰᠡᠨ ᠤ ᠳᠠᠷᠠᠭ᠎ᠠ᠂ ᠭᠤᠸᠠᠩᠳᠦ᠋ᠩ ᠮᠤᠵᠢ ᠠᠴᠠ ᠬᠠᠷᠢᠭᠤᠴᠠᠵᠤ ᠪᠠᠶᠢᠭᠠᠳ ᠬᠡᠷᠡᠭ ᠢ ᠴᠣᠬᠤᠯᠠᠪᠤᠷᠢᠯᠠᠨ ᠳᠠᠭᠤᠰᠬᠠᠬᠤ ᠶᠢᠨ ᠬᠠᠮᠲᠤ ᠨᠡᠶᠢᠭᠡᠮ ᠳᠤ | ᠢᠯᠡ ᠨᠡᠶᠢᠲᠡᠯᠡᠬᠦ ᠬᠡᠷᠡᠭᠲᠡᠢ᠃ ᠬᠡᠷᠡᠭ ᠢ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠ ᠠᠳᠡᠯ ᠰᠢᠢᠳᠪᠦᠷᠢᠯᠡᠬᠦ | ᠲᠣᠭᠲᠠᠭᠠᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ ᠭᠡᠵᠦ ᠱᠠᠭᠠᠷᠳᠠᠪᠠ᠃ | | |