ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | | ᠥᠪᠥᠷ ᠵᠠᠰᠠᠭ ᠲᠠᠷᠬᠠᠭᠠᠭᠰᠠᠨ ﹇2024﹈ 18 ᠳ᠋ᠤᠭᠠᠷ ᠲᠣᠭᠠᠲᠤ | | | ᠣᠯᠠᠨ ᠲᠠᠰ ᠳᠠᠪᠬᠤᠷᠭᠠᠲᠤ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠯᠠᠨ ᠲᠠᠰ ᠳᠠᠪᠬᠤᠷᠭᠠᠲᠤ᠂ ᠣᠯᠠᠨ | ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠤᠨ᠂ ᠮᠠᠨ ᠤ ᠣᠷᠣᠨ ᠤ ᠨᠠᠰᠤᠵᠢᠯ ᠤᠨ ᠳᠠᠭᠠᠳᠬᠠᠯ ᠤᠨ ᠦᠢᠯᠡᠰ ᠤᠨ ᠴᠢᠨᠠᠷ | ᠰᠠᠶᠢᠲᠠᠢ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ | ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠷᠬᠡ ᠲᠡᠭᠰᠢ ᠪᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠦᠨᠳᠦᠰᠦᠨ ᠡᠭᠦᠰᠴᠡ ᠪᠠ ᠲᠤᠰᠤᠯᠲᠠ ᠪᠣᠯᠭᠠᠨ | ᠂ ᠪᠦᠬᠦᠨ ᠳᠤ ᠬᠠᠮᠤᠷᠤᠭᠤᠯᠬᠤ᠂ ᠦᠨᠳᠦᠰᠦᠨ ᠵᠦᠢᠯ ᠢ ᠪᠠᠲᠤᠯᠠᠬᠤ᠂ ᠣᠯᠠᠨ ᠲᠠᠰ ᠳᠠᠪᠬᠤᠷᠭ᠎ᠠ ᠲᠠᠢ᠂ ᠦᠷᠭᠦᠯᠵᠢᠯᠡᠬᠦᠶᠢᠴᠡ ᠪᠠᠶᠢᠬᠤ ᠪᠠᠷ ᠬᠠᠷᠠᠯᠲᠠ ᠪᠤᠯᠭᠠᠵᠦ᠂ | ᠥᠪᠡᠷᠲᠡᠭᠡᠨ ᠵᠠᠰᠠᠬᠤ ᠣᠷᠣᠨ ᠤ ᠪᠠᠶᠢᠳᠠᠯ ᠳᠤ ᠪᠠᠨ ᠰᠠᠭᠤᠷᠢᠯᠠᠨ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ | ᠬᠡᠮᠵᠢᠶᠡᠨ ᠤ ᠪᠠᠨ ᠬᠢᠷᠢ ᠪᠠᠷ ᠬᠢᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠪᠥᠬᠦ ᠤᠯᠤᠰ ᠲᠤ | ᠨᠢᠭᠡᠳᠦᠯᠲᠡᠢ ᠲᠥᠯᠥᠪᠯᠡᠬᠦ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ᠎ᠠ︔ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ | ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠬᠦ ᠲᠠᠰ ᠳᠠᠪᠬᠤᠷᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠠᠴᠠ | ᠨᠢᠭᠡᠳᠦᠯᠲᠡᠢ ᠲᠥᠯᠥᠪᠯᠡᠬᠦ ᠶᠢ ᠠᠬᠢᠭᠤᠯᠤᠨ ᠪᠡᠶᠡᠯᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠪᠡᠯᠡ ᠴᠤᠭᠯᠠᠭᠤᠯᠬᠤ | ᠪᠠ ᠣᠯᠭᠤᠮᠵᠢ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠣᠯᠭᠤᠮᠵᠢ ᠬᠠᠷᠠᠭᠠᠯᠵᠠᠯ ᠤᠨ ᠬᠢᠷᠢ ᠲᠦᠪᠰᠢᠨ ᠢ ᠪᠥᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ︔ ᠨᠠᠰᠤᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ | ᠥᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ᠂ 2030 ᠣᠨ ᠪᠣᠯᠬᠤ ᠳᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠦᠨ᠎ᠡ︔ ᠠᠵᠤ ᠠᠬᠤᠶᠢᠯᠠᠯ ᠤᠨ ᠣᠨ ᠤ ᠮᠥᠩᠭᠦᠨ ᠤ ᠬᠡᠪᠴᠢᠶ᠎ᠡ ᠶᠢ ᠥᠷᠭᠡᠳᠬᠡᠬᠦ ᠡᠷᠴᠢᠮ ᠢᠶᠠᠨ ᠴᠢᠩᠭᠠᠷᠠᠭᠤᠯᠵᠤ᠂ 2030 | ᠣᠨ ᠤ ᠰᠡᠭᠦᠯᠴᠢ ᠳᠤ ᠤᠯᠤᠰ ᠤᠨ ᠥᠮᠴᠢᠯᠡᠯᠲᠦ ᠨᠢᠭᠡᠴᠢ ᠪᠦᠬᠦᠨ ᠳᠤ ᠬᠠᠮᠤᠷᠤᠭᠤᠯᠬᠤ᠂ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ︽ᠪᠠᠶᠢᠭᠤᠯᠵᠤ ᠳᠡᠶᠢᠯᠬᠦ | ᠪᠦᠬᠦᠨ ᠳᠤ ᠪᠠᠶᠢᠭᠤᠯᠬᠤ︾ ᠶᠢ ᠪᠡᠶᠡᠯᠡᠭᠦᠯᠦᠨ᠎ᠡ︔ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠤᠷᠪᠠᠳᠤᠭᠠᠷ ᠲᠤᠯᠭᠠᠭᠤᠷᠢᠯᠠᠯ ᠨᠠᠰᠤᠵᠢᠯ ᠤᠨ ᠳᠠᠭᠠᠳᠬᠠᠯ ᠢ ᠵᠢᠷᠤᠮᠵᠢᠭᠤᠯᠤᠨ ᠬᠥᠭᠵᠢᠭᠦᠯᠵᠦ᠂ ᠠᠷᠠᠳ ᠤᠯᠠᠨ ᠤ ᠤᠯᠠᠨ ᠶᠠᠩᠵᠤ ᠶᠢᠨ ᠬᠡᠷᠡᠭᠴᠡᠭᠡ | ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠢ ᠲᠥᠯᠥᠪᠯᠡᠬᠦ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | 1. ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ | ᠤᠯᠠᠮ ᠨᠢᠭᠡ ᠠᠯᠬᠤᠮ ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ | ᠤᠯᠤᠰ ᠤᠨ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠨᠠᠰᠤᠵᠢᠯ ᠤᠨ ᠳᠠᠭᠠᠳᠬᠠᠯ ᠤᠨ ᠲᠥᠷᠥ ᠶᠢᠨ | ᠪᠣᠳᠣᠯᠭ᠎ᠠ ᠨᠢ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠨᠢᠭᠡᠳᠦᠯ ᠦᠭᠡᠢ ᠪᠠᠶᠢᠪᠠᠯ᠂ ᠴᠠᠭ ᠲᠤᠬᠠᠢ ᠳᠤ ᠨᠢ ᠵᠢᠷᠤᠮᠵᠢᠭᠤᠯᠤᠨ ᠲᠣᠬᠢᠷᠠᠭᠤᠯᠵᠤ | ᠪᠣᠳᠠᠲᠠᠶᠢᠵᠢᠭᠤᠯᠤᠨ᠎ᠠ︔ ᠪᠥᠬᠦ ᠤᠯᠤᠰ ᠤᠨ ᠨᠢᠭᠡᠳᠦᠯᠲᠡᠢ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠪᠠᠷᠢᠮᠵᠢᠶ᠎ᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ︔ ᠰᠠᠭᠤᠷᠢ ᠮᠥᠩᠭᠦᠨ ᠤ ᠬᠠᠮᠢᠶᠠᠷᠤᠯᠲᠠ ᠶᠢ ᠨᠢᠭᠡᠳᠦᠭᠦᠯᠵᠦ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠰᠢᠯᠭᠠᠨ ᠬᠢᠨᠠᠬᠤ ᠲᠣᠭᠲᠠᠴᠠ ᠶᠢ | ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ᠃ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠢ ᠪᠣᠯᠣᠨ᠎ᠠ᠂ ᠳᠣᠷᠣᠭᠰᠢ ᠪᠠᠨ ᠠᠳᠠᠯᠢ︶ | 2. ᠨᠠᠰᠤᠵᠢᠯ ᠤᠨ ᠳᠠᠭᠠᠳᠬᠠᠯ ᠤᠨ ᠣᠷᠣᠨ ᠨᠤᠲᠤᠭ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ᠂ ᠣᠷᠣᠨ | ᠨᠤᠲᠤᠭ ᠤᠨ ᠡᠳ᠋ ᠤᠨ ᠵᠠᠰᠠᠭ ᠢᠶᠠᠷ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠭᠤᠯᠤᠯᠲᠠ ᠶᠢ ᠨᠥᠬᠦᠪᠦᠷᠢᠯᠡᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠂ ᠲᠣᠰ ᠬᠤᠭᠤᠴᠠᠭᠠᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠨᠥᠬᠦᠪᠦᠷᠢ ᠶᠢ ᠲᠤᠭ᠎ᠠ ᠶᠣᠰᠣᠭᠠᠷ ᠨᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠢ ᠳᠠᠩᠰᠠᠨ ᠡᠷᠦᠬᠡ ᠳᠤ ᠰᠢᠯᠵᠢᠭᠦᠯᠦᠨ ᠥᠭᠬᠦ ᠶᠢ ᠦᠨᠡᠨ ᠬᠦ ᠪᠠᠲᠤᠯᠠᠨ᠎ᠠ᠃ ᠰᠠᠭᠤᠷᠢ ᠮᠥᠩᠭᠦᠨ ᠤ | ᠲᠥᠰᠥᠪ ᠲᠤ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠰᠠᠭᠤᠷᠢ ᠮᠥᠩᠭᠦᠨ ᠤ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠠᠬᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ︶ | 3. ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠬᠤᠷᠢᠶᠠᠬᠤ ᠠᠷᠭ᠎ᠠ ᠮᠠᠶ᠋ᠢᠭ ᠢ ᠨᠢᠭᠡᠳᠬᠡᠨ᠎ᠡ᠃ ᠬᠥᠮᠥᠨ ᠬᠡᠷᠡᠭᠯᠡᠬᠦ ᠨᠢᠭᠡᠴᠢ ᠶᠢᠨ | ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠨᠢᠭᠡᠳᠦᠯᠲᠡᠢ ᠪᠣᠯᠭᠠᠵᠤ᠂ ᠭᠤᠶᠤᠴᠢᠯᠠᠨ | ᠮᠡᠳᠡᠭᠦᠯᠵᠦ ᠰᠦᠢᠳᠬᠡᠯ ᠲᠤᠰᠢᠶᠠᠬᠤ ᠴᠠᠭ ᠬᠤᠭᠤᠴᠠᠭ᠎ᠠ ᠶᠢ ᠵᠢᠷᠤᠮᠵᠢᠭᠤᠯᠤᠨ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠴᠤᠪᠤᠷᠠᠯ ᠢ ᠨᠢᠭᠡᠳᠦᠯᠲᠡᠢ | ᠪᠣᠯᠭᠠᠵᠤ᠂ ᠬᠥᠮᠥᠨ ᠬᠡᠷᠡᠭᠯᠡᠬᠦ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ | ᠳᠠᠭᠠᠳᠬᠠᠯ ᠤᠨ ᠰᠦᠢᠳᠬᠡᠯ ᠢᠶᠠᠨ ᠬᠠᠤᠯᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠲᠤᠰᠢᠶᠠᠯᠭᠠᠨ᠎ᠠ᠃ ︵ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠬᠤᠶᠠᠷ︶ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | 4. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ ᠵᠢᠷᠤᠮᠵᠢᠭᠤᠯᠤᠨ᠎ᠠ᠃ ᠪᠥᠬᠦ ᠣᠷᠣᠨ ᠳᠤ ᠨᠢᠭᠡᠳᠦᠯᠲᠡᠢ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠨᠢᠭᠡᠳᠦᠯᠲᠡᠢ ᠭᠠᠷᠳᠠᠨ ᠭᠦᠢᠴᠡᠳᠬᠡᠬᠦ ᠳᠦᠷᠢᠮᠯᠡᠯ ᠢ | ᠬᠡᠷᠡᠭᠵᠢᠭᠦᠯᠵᠦ᠂ ᠨᠢᠭᠡᠳᠦᠯᠲᠡᠢ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠨ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 5. ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠦᠨᠳᠦᠰᠦᠨ ᠳᠠᠭᠠᠳᠬᠠᠯ ᠪᠠ ᠠᠵᠢᠯ ᠮᠡᠷᠭᠡᠵᠢᠯ ᠤᠨ ᠣᠨ ᠤ ᠮᠥᠩᠭᠦᠨ ᠤ ᠰᠦᠢᠳᠬᠡᠯ ᠲᠤᠰᠢᠶᠠᠬᠤ ᠲᠥᠰᠥᠪ | ᠵᠢᠴᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ | ᠳᠤᠲᠠᠭᠤᠳᠠᠯ ᠤᠨ ᠨᠥᠬᠦᠪᠦᠷᠢ ᠶᠢᠨ ᠲᠥᠰᠥᠪ ᠢ ᠲᠣᠭᠲᠠᠭᠠᠯ ᠶᠣᠰᠣᠭᠠᠷ ᠭᠦᠢᠴᠡᠳ ᠲᠣᠬᠢᠷᠠᠭᠤᠯᠵᠤ᠂ ᠲᠥᠰᠥᠪ ᠤᠨ ᠭᠦᠢᠴᠡᠳᠭᠡᠯᠲᠡ ᠶᠢ ᠴᠢᠩᠳᠠᠯᠠᠨ᠂ ᠡᠳ᠋ ᠤᠨ | ᠵᠠᠰᠠᠭ ᠤᠨ ᠨᠥᠬᠦᠪᠦᠷᠢ ᠪᠡᠯᠡ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠤ ᠰᠠᠭᠤᠷᠢ ᠮᠥᠩᠭᠦᠨ ᠤ ᠨᠢᠭᠡᠳᠦᠯᠲᠡᠢ | ᠲᠥᠯᠥᠪᠯᠡᠬᠦ ᠱᠠᠲᠤ ᠳᠡᠰ ᠢᠶᠠᠨ ᠠᠶᠢᠮᠠᠭ ᠬᠤᠲᠠ ᠶᠢᠨ ᠱᠠᠲᠤᠨ ᠳᠤ ᠬᠦᠷᠲᠡᠯ᠎ᠡ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠭᠤᠷᠪᠠ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | 6. ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠪᠡᠯᠡ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠷᠪᠢᠨ | ᠲᠤᠰᠢᠶᠠᠪᠠᠯ ᠠᠷᠪᠢᠨ ᠣᠯᠬᠤ᠂ ᠣᠷᠳᠣ ᠬᠤᠭᠤᠴᠠᠭ᠎ᠠ ᠲᠤᠰᠢᠶᠠᠪᠠᠯ ᠢᠯᠡᠭᠦᠦ ᠣᠯᠬᠤ ᠤᠷᠮᠠᠰᠢᠭᠤᠯᠤᠯ ᠤᠨ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠦᠷᠢ ᠥᠭᠭᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠢ | ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠣᠣᠷ᠎ᠠ ᠵᠠᠬ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ᠎ᠡ︔ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ ᠰᠦᠪᠡᠭᠴᠢᠯᠡᠵᠦ᠂ ᠨᠥᠬᠦᠪᠦᠷᠢᠯᠡᠨ ᠲᠤᠰᠢᠶᠠᠬᠤ ᠲᠦᠷᠦ ᠶᠢᠨ ᠪᠣᠳᠣᠯᠭ᠎ᠠ ᠶᠢ | ᠵᠢᠷᠤᠮᠵᠢᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠠᠰ ᠱᠠᠲᠤ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠮᠤᠷ ᠲᠦᠪᠰᠢᠨ ᠪᠥᠭᠡᠳ ᠵᠢᠷᠤᠮᠵᠢᠯ ᠲᠠᠢ ᠪᠠᠶᠢᠬᠤ ᠶᠢ ᠦᠨᠡᠨ ᠬᠦ | ᠪᠠᠲᠤᠯᠠᠵᠤ᠂ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠨᠡᠭᠦᠯᠭᠡᠨ ᠬᠡᠷᠡᠭᠯᠡᠵᠦ ᠪᠠᠶᠢᠭᠠᠳ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ | ᠲᠠᠷᠬᠠᠭᠠᠬᠤ ᠠᠴᠠ ᠰᠡᠷᠭᠡᠶᠢᠯᠡᠨ᠎ᠡ᠃ ᠤᠯᠤᠰ ᠤᠨ ᠳᠡᠮᠵᠢᠯᠭᠡ ᠶᠢ ᠴᠢᠷᠮᠠᠶᠢᠨ ᠣᠯᠵᠤ᠂ ᠭᠠᠵᠠᠷ ᠲᠠᠷᠢᠶ᠎ᠡ ᠪᠠᠨ ᠠᠯᠳᠠᠭᠰᠠᠨ ᠬᠡᠰᠡᠭ ᠮᠠᠯᠴᠢᠨ ᠲᠠᠷᠢᠶᠠᠴᠢᠳ ᠤᠨ | ᠨᠠᠰᠤᠵᠢᠯ ᠤᠨ ᠳᠠᠭᠠᠳᠬᠠᠯ ᠤᠨ ᠲᠤᠰᠬᠠᠢ ᠳᠦᠷᠢᠮ ᠬᠡᠷᠡᠭᠵᠢᠭᠦᠯᠵᠦ ᠪᠦᠬᠦᠢ ᠭᠠᠵᠠᠷ ᠣᠷᠣᠨ ᠢ ᠲᠥᠷᠥᠯ ᠬᠤᠪᠢᠶᠠᠨ ᠵᠢᠯᠤᠭᠤᠳᠴᠤ ᠪᠠᠶᠢᠭᠠᠳ ᠨᠡᠶᠢᠯᠡᠭᠦᠯᠦᠨ | ᠨᠢᠭᠡᠳᠬᠡᠬᠦ ᠲᠥᠰᠥᠯ ᠢ ᠲᠣᠭᠲᠠᠭᠠᠨ᠂ ᠬᠠᠤᠯᠢ ᠪᠠᠷ ᠲᠣᠭᠲᠠᠭᠠᠭᠰᠠᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠲᠣᠭᠲᠠᠯᠴᠠᠭ᠎ᠠ ᠳᠤ ᠣᠷᠣᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 7. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ | ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠪᠥᠬᠦ ᠣᠷᠣᠨ ᠤ ᠳᠣᠣᠷ᠎ᠠ ᠵᠠᠬ᠎ᠠ ᠶᠢᠨ ᠪᠠᠷᠢᠮᠵᠢᠶ᠎ᠠ ᠪᠠ ᠰᠦᠢᠳᠬᠡᠯ ᠲᠤᠰᠢᠶᠠᠬᠤ ᠨᠡᠮᠡᠭᠦᠷᠢ ᠶᠢᠨ ᠪᠠᠷᠢᠮᠵᠢᠶ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠢᠯᠭᠠᠨ ᠬᠢᠨᠠᠯᠲᠠ ᠶᠢᠨ ᠵᠢᠯᠣᠭᠤᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠤᠨ ᠬᠢᠨ ᠤ ᠡᠳ᠋ ᠤᠨ | ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠰᠢᠮᠳᠠᠭᠤᠯᠵᠤ᠂ ᠲᠤᠬᠠᠢ ᠶᠢᠨ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠳᠤᠮᠳᠠᠴᠢ ᠬᠢᠷᠢ | ᠲᠦᠪᠰᠢᠨ ᠢ ᠤᠯᠤᠰ ᠤᠨ ᠰᠢᠯᠭᠠᠨ ᠬᠢᠨᠠᠬᠤ ᠱᠠᠭᠠᠷᠳᠠᠯᠭ᠎ᠠ ᠠᠴᠠ ᠳᠣᠣᠷ᠎ᠠ ᠦᠭᠡᠢ᠂ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠮᠥᠩᠭᠦᠨ ᠤ ᠶᠡᠷᠦᠩᠬᠡᠢ ᠬᠢᠷᠢ ᠲᠦᠪᠰᠢᠨ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ | ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ︶ | ︵ᠳᠥᠷᠪᠡ︶ ᠣᠨ ᠤ ᠮᠥᠩᠭᠦᠨ ᠤ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | 8. ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠤᠳ | ᠵᠠᠷᠴᠢᠮ ᠳᠡᠭᠡᠷ᠎ᠡ ᠪᠠᠨ ᠴᠥᠮ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠵᠤ᠂ ᠡᠵᠡᠩᠨᠡᠯᠲᠡ ᠶᠢᠨ ᠪᠠᠶᠢᠳᠠᠯ ᠪᠠᠷᠤᠭᠲᠠᠢ ᠠᠴᠠ ᠪᠣᠯᠵᠤ ᠲᠦᠷ ᠴᠠᠭ | ᠪᠠᠶᠢᠭᠤᠯᠬᠤ ᠨᠥᠬᠦᠴᠡᠯ ᠦᠭᠡᠢ ᠪᠠᠶᠢᠪᠠᠯ᠂ ᠡᠵᠡᠩᠨᠡᠯᠲᠡ ᠶᠢᠨ ᠨᠥᠬᠦᠴᠡᠯ ᠨᠢ ᠰᠠᠶᠢᠵᠢᠷᠠᠭᠰᠠᠨ ᠤ ᠳᠠᠷᠠᠭ᠎ᠠ ᠴᠠᠭ ᠲᠤᠬᠠᠢ ᠳᠤ ᠨᠢ ᠪᠠᠶᠢᠭᠤᠯᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | 9. ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠠᠵᠢᠯᠲᠠᠨ ᠠᠵᠢᠯᠴᠢᠨ ᠳᠤ ᠪᠠᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠬᠦ ᠶᠢ | ᠵᠣᠷᠢᠭᠵᠢᠭᠤᠯᠤᠨ᠎ᠠ᠃ ᠠᠵᠤ ᠠᠬᠤᠢ ᠶᠢᠨ ᠦᠷ᠎ᠡ ᠠᠰᠢᠭ ᠢᠶᠠᠷ ᠨᠡᠯᠢᠶᠡᠳ ᠰᠠᠶᠢᠨ ᠬᠤᠪᠢ ᠶᠢᠨ ᠡᠵᠡᠩᠨᠡᠯᠲᠡ ᠶᠢᠨ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ | ᠰᠠᠨᠠᠭᠠᠴᠢᠯᠠᠭ᠎ᠠ ᠠᠴᠠ ᠪᠠᠨ ᠠᠵᠢᠯᠲᠠᠨ ᠠᠵᠢᠯᠴᠢᠨ ᠳᠤ ᠪᠠᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠭᠦᠨ᠎ᠡ᠃ ᠬᠤᠪᠢ ᠶᠢᠨ ᠡᠵᠡᠩᠨᠡᠯᠲᠡ ᠶᠢᠨ | ᠨᠢᠭᠡᠴᠢ ᠶᠢ ᠳᠡᠮᠵᠢᠵᠦ᠂ ᠰᠢᠯᠢᠳᠡᠭ ᠠᠵᠢᠯᠲᠠᠨ᠂ ᠠᠬᠠᠮᠠᠳ ᠠᠵᠢᠯᠲᠠᠨ ᠳᠤ ᠤᠷᠢᠳ ᠢᠶᠠᠷ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠭᠦᠨ᠎ᠡ᠃ | ᠨᠥᠬᠦᠴᠡᠯ ᠲᠠᠢ ᠭᠠᠵᠠᠷ ᠣᠷᠣᠨ ᠨᠢ ᠬᠦᠷᠢᠶᠡᠯᠡᠩ ᠲᠣᠭᠤᠷᠢᠭ ᠢᠶᠠᠷ ᠨᠢᠭᠡᠴᠢ ᠪᠣᠯᠭᠠᠵᠤ᠂ ᠬᠠᠮᠲᠤ ᠪᠠᠷ ᠵᠥᠪᠳᠡᠯᠴᠡᠬᠦ᠂ ᠪᠡᠶ᠎ᠡ ᠪᠠᠨ ᠳᠠᠭᠠᠭᠠᠵᠤ ᠣᠷᠣᠯᠴᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠪᠠ ᠠᠵᠢᠯᠲᠠᠨ ᠢ ᠬᠠᠮᠤᠷᠤᠭᠰᠠᠨ ᠠᠵᠤ ᠠᠬᠤᠶᠢᠯᠠᠯ ᠤᠨ ᠣᠨ ᠤ ᠮᠥᠩᠭᠦᠨ ᠤ | ᠳᠦᠷᠢᠮ ᠪᠠᠶᠢᠭᠤᠯᠬᠤ ᠶᠢ ᠰᠦᠪᠡᠭᠴᠢᠯᠡᠵᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ︶ | 10. ᠴᠢᠳᠠᠪᠤᠷᠢᠲᠠᠨ ᠤ ᠣᠨ ᠤ ᠮᠥᠩᠭᠦᠨ ᠤ ᠳᠦᠷᠢᠮ ᠢ ᠪᠠᠶᠢᠭᠤᠯᠤᠨ᠎ᠠ᠃ ᠴᠢᠳᠠᠪᠤᠷᠢᠲᠠᠨ ᠤ ᠣᠨ ᠤ ᠮᠥᠩᠭᠦᠨ ᠤ ᠠᠷᠭ᠎ᠠ ᠶᠢ ᠨᠡᠶᠢᠲᠡᠯᠡᠵᠦ᠂ ᠪᠥᠬᠦ | ᠠᠵᠢᠯᠲᠠᠨ ᠪᠤᠶᠤ ᠣᠯᠠᠩᠬᠢ ᠬᠥᠮᠥᠰ ᠲᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠨᠥᠬᠦᠴᠡᠯ ᠢ ᠲᠦᠷ ᠪᠦᠷᠢᠳᠦᠭᠦᠯᠦᠭᠡᠳᠦᠢ ᠬᠥᠮᠥᠨ ᠬᠡᠷᠡᠭᠯᠡᠬᠦ | ᠨᠢᠭᠡᠴᠢ ᠨᠢ ᠠᠵᠤ ᠠᠬᠤᠶᠢᠯᠠᠯ ᠤᠨ ᠣᠨ ᠤ ᠮᠥᠩᠭᠦᠨ ᠤ ᠳᠦᠷᠢᠮ ᠤᠨ ᠳᠣᠣᠷ᠎ᠠ᠂ ᠨᠢᠭᠡᠴᠢ ᠶᠢᠨ ᠢᠶᠠᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ | ᠴᠢᠳᠠᠪᠤᠷᠢᠲᠠᠳ ᠲᠤ ᠤᠷᠢᠳ ᠢᠶᠠᠷ ᠴᠢᠳᠠᠪᠤᠷᠢᠲᠠᠨ ᠤ ᠣᠨ ᠤ ᠮᠥᠩᠭᠦ ᠪᠠᠶᠢᠭᠤᠯᠤᠨ ᠥᠭᠴᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 11. ᠠᠵᠤ ᠠᠬᠤᠶᠢᠯᠠᠯ ᠤᠨ ᠣᠨ ᠤ ᠮᠥᠩᠭᠦ ᠶᠢ ᠨᠥᠬᠦᠨ ᠲᠡᠮᠳᠡᠭᠯᠡᠬᠦ ᠠᠵᠢᠯ ᠢ ᠰᠠᠶᠢᠲᠤᠷ ᠬᠢᠨ᠎ᠡ᠃ ᠣᠨ ᠤ ᠮᠥᠩᠭᠦ ᠶᠢ ᠰᠢᠨ᠎ᠡ ᠪᠠᠷ ᠪᠠᠶᠢᠭᠤᠯᠤᠭᠰᠠᠨ | ᠬᠥᠮᠥᠨ ᠬᠡᠷᠡᠭᠯᠡᠬᠦ ᠨᠢᠭᠡᠴᠢ ᠨᠢ ᠠᠵᠢᠯᠲᠠᠨ ᠠᠵᠢᠯᠴᠢᠨ ᠳᠤ ᠡᠮᠦᠨᠡᠬᠢ ᠵᠢᠯ ᠤᠳ ᠤᠨ ᠠᠵᠤ ᠠᠬᠤᠶᠢᠯᠠᠯ ᠤᠨ ᠣᠨ ᠤ ᠮᠥᠩᠭᠦ ᠶᠢ ᠨᠥᠬᠦᠨ ᠪᠠᠶᠢᠭᠤᠯᠵᠤ ᠪᠣᠯᠣᠨ᠎ᠠ᠂ | ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ᠂ ᠡᠬᠢᠯᠡᠵᠦ ᠨᠥᠬᠦᠨ ᠪᠠᠶᠢᠭᠤᠯᠬᠤ | ᠴᠠᠭ ᠨᠢ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠪᠠᠶᠢᠭᠤᠯᠤᠭᠰᠠᠨ ᠴᠠᠭ ᠠᠴᠠ ᠡᠷᠲᠡ ᠪᠠᠶᠢᠵᠤ | ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 12. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ | ᠤᠷᠤᠯᠴᠬᠠᠰᠠᠨ ᠬᠥᠮᠥᠰ ᠤᠨ ᠣᠯᠭᠤᠮᠵᠢ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠲᠣᠰ ᠨᠢᠭᠡᠴᠢ ᠶᠢᠨ ᠢᠶᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠳ ᠲᠤ ᠠᠵᠤ | ᠠᠬᠤᠶᠢᠯᠠᠯ ᠤᠨ ᠣᠨ ᠤ ᠮᠥᠩᠭᠦ ᠪᠠᠶᠢᠭᠤᠯᠤᠨ ᠥᠭᠴᠦ᠂ ᠲᠡᠳᠡᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠣᠯᠭᠤᠮᠵᠢ ᠬᠠᠷᠠᠭᠠᠯᠵᠠᠯ ᠤᠨ ᠬᠢᠷᠢ | ᠲᠦᠪᠰᠢᠨ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ︶ | 13. ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠣᠨ ᠤ ᠮᠥᠩᠭᠦᠨ ᠤ ᠲᠥᠰᠥᠯ ᠤᠨ ᠳᠠᠩᠰᠠᠯᠠᠭᠤᠯᠬᠤ | ᠶᠠᠪᠤᠴᠠ ᠶᠢ ᠳᠥᠭᠦᠮᠴᠢᠯᠡᠵᠦ᠂ ᠮᠡᠳᠡᠭᠦᠯᠦᠨ ᠬᠦᠷᠭᠡᠬᠦ ᠮᠠᠲ᠋ᠧᠷᠢᠶᠠᠯ ᠳᠤ ᠳᠠᠩᠰᠠᠯᠠᠭᠤᠯᠬᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ ᠪᠣᠯᠣᠨ᠎ᠠ᠃ ᠠᠵᠤ | ᠠᠬᠤᠶᠢᠯᠠᠯ ᠤᠨ ᠣᠨ ᠤ ᠮᠥᠩᠭᠦᠨ ᠤ ᠮᠡᠳᠡᠭᠡ ᠵᠠᠩᠭᠢ ᠶᠢᠨ ᠰᠢᠰᠲ᠋ᠧᠮ ᠪᠠ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠣᠨ ᠤ ᠮᠥᠩᠭᠦᠨ ᠤ | ᠬᠠᠮᠢᠶ᠎ᠠ ᠪᠦᠬᠦᠢ ᠳ᠋ᠠᠶᠢᠲ᠋ᠠ ᠶᠢ ᠪᠥᠬᠦ ᠣᠷᠣᠨ ᠤ ᠨᠢᠭᠡᠳᠦᠯᠲᠡᠢ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠡᠯ᠎ᠡ ᠭᠠᠵᠠᠷ ᠤᠨ ᠬᠢᠨ ᠨᠠᠰᠤᠵᠢᠯ ᠤᠨ | ᠦᠨᠳᠦᠰᠦᠨ ᠳᠠᠭᠠᠳᠬᠠᠯ ᠤᠨ ᠳ᠋ᠠᠶᠢᠲ᠋ᠠ ᠯᠤᠭ᠎ᠠ ᠬᠠᠷᠢᠴᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠣᠨ ᠤ ᠮᠥᠩᠭᠦᠨ ᠤ ᠦᠢᠯᠡᠴᠢᠯᠡᠭᠡᠨ ᠤ | ᠪᠠᠶᠢᠭᠤᠯᠤᠮᠵᠢ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ︶ | 14. ᠠᠵᠢᠯ ᠮᠡᠷᠭᠡᠵᠢᠯ ᠤᠨ ᠣᠨ ᠤ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠠᠵᠢᠯ ᠮᠡᠷᠭᠡᠵᠢᠯ ᠤᠨ ᠣᠨ ᠤ ᠮᠥᠩᠭᠦ ᠶᠢ ᠴᠤᠭᠯᠠᠭᠤᠯᠤᠨ | ᠨᠡᠶᠢᠯᠡᠭᠦᠯᠬᠦ ᠶᠠᠪᠤᠴᠠ ᠶᠢ ᠵᠢᠷᠤᠮᠵᠢᠭᠤᠯᠵᠤ᠂ ᠠᠵᠢᠯ ᠮᠡᠷᠭᠡᠵᠢᠯ ᠤᠨ ᠣᠨ ᠤ ᠮᠥᠩᠭᠦ ᠶᠢ ᠴᠠᠭ ᠲᠤᠬᠠᠢ ᠳᠤ ᠨᠢ ᠴᠤᠭᠯᠠᠭᠤᠯᠤᠨ ᠨᠡᠶᠢᠯᠡᠭᠦᠯᠵᠦ ᠰᠢᠯᠵᠢᠭᠦᠯᠦᠨ ᠥᠭᠬᠦ᠂ | ᠠᠵᠢᠯ ᠮᠡᠷᠭᠡᠵᠢᠯ ᠤᠨ ᠣᠨ ᠤ ᠮᠥᠩᠭᠦ ᠶᠢ ᠡᠬᠢᠯᠡᠭᠦᠯᠦᠨ ᠪᠡᠯᠡ ᠣᠷᠣᠭᠤᠯᠵᠤ ᠠᠵᠢᠯᠯᠠᠭᠤᠯᠤᠨ ᠡᠵᠡᠩᠨᠡᠬᠦ ᠠᠴᠠ ᠡᠮᠦᠨᠡᠬᠢ ᠬᠦᠦ ᠮᠥᠩᠭᠦ ᠨᠥᠬᠦᠪᠦᠷᠢᠯᠡᠬᠦ ᠪᠡᠯᠡ | ᠮᠥᠩᠭᠦ ᠶᠢ ᠴᠠᠭ ᠲᠤᠬᠠᠢ ᠳᠤ ᠨᠢ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠵᠢᠯ ᠮᠡᠷᠭᠡᠵᠢᠯ ᠤᠨ ᠣᠨ ᠤ ᠮᠥᠩᠭᠦ ᠶᠢ ᠨᠥᠬᠦᠨ | ᠲᠡᠮᠳᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠠᠵᠢᠯ ᠮᠡᠷᠭᠡᠵᠢᠯ ᠤᠨ ᠣᠨ ᠤ ᠮᠥᠩᠭᠦᠨ ᠤ | ᠲᠠᠩᠰᠠ ᠲᠡᠮᠳᠡᠭᠯᠡᠬᠦ ᠬᠡᠰᠡᠭ ᠤᠨ ᠰᠦᠢᠳᠬᠡᠯ ᠲᠤᠰᠢᠶᠠᠬᠤ ᠶᠢ ᠢᠳᠡᠪᠬᠢᠲᠡᠢ ᠪᠠᠷ ᠪᠣᠳᠠᠲᠠᠶᠢᠵᠢᠭᠤᠯᠬᠤ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠲᠠᠪᠤ︶ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠢᠷᠤᠮᠵᠢᠭᠤᠯᠤᠨ ᠬᠥᠭᠵᠢᠭᠦᠯᠦᠨ᠎ᠡ᠃ | 15. ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠤᠷᠢᠳ ᠢᠶᠠᠷ ᠬᠡᠷᠡᠭᠵᠢᠭᠦᠯᠦᠭᠰᠡᠨ ᠭᠠᠵᠠᠷ | ᠣᠷᠣᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠵᠦ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠲᠠᠶᠢᠯᠤᠮᠵᠢ ᠶᠢ ᠥᠷᠨᠢᠭᠦᠯᠦᠨ᠎ᠡ᠃ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠳᠦᠷᠢᠮ ᠤᠨ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠤᠨ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠳᠤ ᠣᠷᠣᠯᠴᠠᠬᠤ ᠨᠣᠷᠮ᠎ᠠ ᠪᠠ ᠰᠦᠢᠳᠬᠡᠯ ᠲᠤᠰᠢᠶᠠᠬᠤ ᠨᠣᠷᠮ᠎ᠠ ᠶᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠮᠳᠠᠭᠤᠯᠵᠤ | ᠪᠠᠶᠢᠭᠠᠳ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠨᠡᠷᠡᠳᠬᠦᠨ ᠵᠢᠴᠢ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠢᠯᠢ | ᠬᠢᠵᠠᠭᠠᠷ ᠣᠷᠣᠨ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠪᠠ ᠪᠤᠰᠤᠳ ᠨᠥᠬᠦᠴᠡᠯ ᠲᠠᠢ ᠭᠠᠵᠠᠷ ᠣᠷᠣᠨ ᠨᠢ ᠪᠣᠳᠠᠲᠠᠢ ᠪᠠᠶᠢᠳᠠᠯ ᠢᠶᠠᠨ | ᠦᠨᠳᠦᠰᠦᠯᠡᠨ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠳᠤ ᠣᠷᠣᠯᠴᠠᠭᠰᠠᠨ ᠣᠷᠣᠭᠤᠯᠵᠤ ᠠᠪᠴᠢᠷᠠᠭᠰᠠᠨ ᠴᠢᠳᠠᠪᠤᠷᠢᠲᠠᠳ ᠬᠢᠭᠡᠳ ᠪᠠᠴᠢᠮ | ᠳᠤᠲᠠᠭᠳᠠᠵᠤ ᠪᠠᠶᠢᠭ᠎ᠠ ᠴᠢᠳᠠᠪᠤᠷᠢᠲᠠᠳ ᠲᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠨᠡᠮᠡᠭᠦᠷᠢ ᠶᠢᠨ ᠳᠦᠷᠢᠮ ᠢ ᠪᠠᠶᠢᠭᠤᠯᠵᠤ ᠥᠭᠴᠦ | ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠯᠠᠨ ᠲᠠᠰ ᠳᠠᠪᠬᠤᠷᠭᠠᠲᠤ᠂ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ | ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠢᠵᠢ ᠪᠦᠷᠢᠳᠦᠭᠦᠯᠦᠭᠰᠡᠨ ᠲᠥᠰᠥᠯ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠨᠠᠷᠢᠯᠢᠭᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠢ ᠠᠬᠢᠭᠤᠯᠬᠤ ᠪᠦᠬᠦᠯᠢ ᠴᠣᠭᠴᠠ ᠶᠢᠨ ᠨᠡᠶᠢᠯᠡᠮᠡᠯ | ᠬᠦᠴᠦᠨ ᠢ ᠪᠦᠷᠢᠯᠳᠦᠭᠦᠯᠬᠦ ᠬᠡᠷᠡᠭᠲᠡᠢ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠪᠠ ᠰᠢᠨ᠎ᠡ ᠶᠢ ᠡᠭᠦᠳᠬᠦ | ᠰᠡᠳᠬᠢᠬᠦᠢ ᠪᠠᠷ ᠠᠵᠢᠯ ᠤᠨ ᠳᠤᠮᠳᠠᠬᠢ ᠠᠰᠠᠭᠤᠳᠠᠯ ᠢᠶᠠᠨ ᠰᠢᠢᠳᠪᠦᠷᠢᠯᠡᠵᠦ᠂ ᠪᠠᠶᠢᠭᠤᠯᠤᠯ ᠲᠣᠭᠲᠠᠴᠠ ᠶᠢᠨ ᠰᠠᠭᠠᠳ ᠲᠣᠳᠬᠠᠷ ᠢ ᠲᠠᠰᠤᠷᠠᠯᠳᠠ ᠦᠭᠡᠢ ᠠᠷᠢᠯᠭᠠᠬᠤ | ᠬᠡᠷᠡᠭᠲᠡᠢ᠃ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳ᠋ᠢᠵᠢᠲ᠋ᠠᠯ ᠢᠶᠠᠷ ᠡᠷᠴᠢᠮᠯᠡᠬᠦ ᠶᠢ | ᠲᠦᠷᠭᠡᠳᠬᠡᠨ᠂ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠤᠯᠠᠮᠵᠢᠯᠠᠯᠲᠤ ᠵᠠᠭᠤᠴᠢᠯᠠᠭᠤᠷ ᠪᠠ | ᠰᠢᠨ᠎ᠡ ᠵᠠᠭᠤᠴᠢᠯᠠᠭᠤᠷ ᠲᠤ ᠲᠦᠰᠢᠭᠯᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠲᠥᠷᠥ ᠶᠢᠨ | ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ | ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ᠃ | | 2024 ᠣᠨ ᠤ 5 ᠳ᠋ᠤᠭᠠᠷ ᠰᠠᠷ᠎ᠠ ᠶᠢᠨ 28 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |