︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠳᠦᠷᠢᠮ ᠤᠨ ᠥᠭᠡᠷᠡᠴᠢᠯᠡᠯᠲᠡ ᠤᠨ ᠤᠷᠢᠬᠠᠨ ᠬᠠᠪᠤᠷ
ᠨᠡᠶᠢᠲᠡᠯᠡᠭᠰᠡᠨ ᠴᠠᠭ᠄
2024/12/18
  ᠣᠶᠢᠷ᠎ᠠ ᠶᠢᠨ ᠵᠢᠯ ᠤᠳ ᠲᠤ᠂ ᠲᠠᠯᠠᠳ ᠬᠤᠰᠢᠭᠤ ᠪᠠᠭᠰᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠪᠠᠶᠢᠩᠭᠤ ᠶᠢᠨ ᠰᠣᠯᠢᠯᠴᠠᠭᠠᠨ ᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠂ ᠪᠠᠭᠰᠢ ᠶᠢᠨ ᠠᠵᠢᠯᠯᠠᠬᠤ ᠢᠳᠡᠪᠬᠢᠵᠢᠯ ᠢ ᠲᠠᠶᠢᠴᠢᠯᠡᠵᠤ᠂ ᠰᠤᠷᠭᠠᠭᠤᠯᠢ ᠡᠷᠭᠢᠯᠡᠭᠦ ᠠᠮᠢᠵᠢᠷᠠᠯ ᠤᠨ ᠬᠦᠴᠦᠨ ᠢ ᠬᠥᠭᠵᠢᠭᠡᠨ᠂ ᠰᠤᠷᠭᠠᠭᠤᠯᠢ ᠶᠢᠨ ᠬᠤᠭᠤᠷᠣᠨᠳᠣᠭᠢ ᠵᠢᠭᠠᠨ ᠰᠤᠷᠭᠠᠯᠲᠠ ᠶᠢᠨ ᠵᠥᠷᠢᠶ᠎ᠡ ᠶᠢ ᠪᠠᠭᠠᠰᠬᠠᠨ᠂ ᠪᠠᠭᠰᠢ ᠶᠢᠨ ᠡᠩᠨᠡᠭᠡᠨ ᠤ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠪᠡ ᠃  ᠲᠠᠯᠠᠳ ᠬᠤᠰᠢᠭᠤᠨ ᠳᠤ ᠨᠡᠶᠢᠲᠡ 89 ᠰᠤᠷᠭᠠᠭᠤᠯᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠥᠭᠡᠷᠡᠴᠢᠯᠡᠯᠲᠡ ᠶᠢᠨ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ 5558 ᠪᠠᠭᠰᠢ ᠲᠠᠢ ᠬᠤᠯᠪᠣᠭᠳᠠᠵᠠᠢ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠳᠦᠷᠢᠮ ᠪᠣᠯ ᠳᠠᠷᠤᠢ ᠠᠵᠢᠯ ᠤᠨ ᠪᠠᠶᠢᠷᠢᠨ ᠳᠤ ᠪᠠᠶᠢᠭ᠎ᠠ ᠣᠷᠣᠨ ᠲᠣᠭᠠᠲᠤ ᠪᠠᠭᠰᠢ ᠶᠢ ᠪᠦᠭᠦᠨ ᠢ ︽ᠰᠢᠶᠠᠨ ᠠᠴᠠ ᠬᠠᠮᠢᠶᠠᠷᠬᠤ︾ ᠶᠡᠭᠡ ᠬᠡᠪᠴᠢᠶᠡᠨ ᠳᠤ ᠣᠷᠣᠭᠤᠯᠵᠤ᠂ ᠥᠷᠢᠰᠦᠯᠳᠦᠭᠡᠨ ᠤ ᠲᠣᠭᠲᠠᠴᠠ ᠶᠢ ᠬᠡᠷᠡᠭᠵᠢᠭᠦᠯᠦᠨ᠂ ᠰᠢᠯᠢᠳᠡᠭ ᠠᠮᠵᠢᠯᠲᠠ ᠪᠦᠲᠦᠮᠵᠢ ᠰᠢᠯᠢᠳᠡᠭ ᠠᠵᠢᠯ ᠤᠨ ᠪᠠᠶᠢᠷᠢ ᠲᠠᠢ᠂ ᠰᠢᠯᠢᠳᠡᠭ ᠰᠤᠷᠭᠠᠨ ᠬᠥᠮᠥᠵᠢᠭᠦᠯᠵᠦ ᠰᠢᠯᠢᠳᠡᠭ ᠬᠥᠯᠥᠰᠦ ᠣᠯᠭᠤᠮᠵᠢ ᠲᠠᠢ᠂ ᠳᠠᠪᠰᠢᠵᠤ ᠪᠤᠯᠬᠤ ᠮᠥᠷᠲᠡᠭᠡᠨ ᠪᠠᠭᠤᠵᠤ ᠴᠤ ᠪᠤᠯᠬᠤ᠂ ᠣᠷᠣᠵᠤ ᠪᠤᠯᠬᠤ ᠮᠥᠷᠲᠡᠭᠡᠨ ᠭᠠᠷᠴᠤ ᠴᠤ ᠪᠤᠯᠬᠤ ᠰᠠᠶᠢᠨ ᠰᠠᠶᠢᠬᠠᠨ ᠬᠥᠮᠥᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠵᠤ᠂ ᠴᠢᠳᠠᠪᠤᠷᠢ ᠲᠠᠢ᠂ ᠬᠠᠷᠢᠭᠤᠴᠠᠯᠭᠠᠲᠤ ᠰᠡᠳᠬᠢᠯᠭᠡ ᠲᠠᠢ ᠰᠢᠯᠢᠳᠡᠭ ᠪᠠᠭᠰᠢ ᠶᠢᠨ ᠲᠠᠯᠳᠠ ᠬᠦᠴᠦᠨ ᠢ ᠭᠦᠢᠴᠡᠳ ᠪᠠᠳᠠᠷᠠᠭᠤᠯᠬᠤ ᠪᠣᠯᠣᠨ᠎ᠠ ᠃  ᠳᠠᠯᠠᠳ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠵᠧᠦ ᠶᠠᠨ ᠪᠣᠯ ᠡᠨᠡ ᠤᠳᠠᠭ᠎ᠠ ᠶᠢᠨ ᠥᠭᠡᠷᠡᠴᠢᠯᠡᠯᠲᠡ ᠶᠢ ᠪᠡᠶ᠎ᠡ ᠪᠠᠷ ᠢᠶᠠᠨ ᠥᠩᠭᠡᠷᠡᠭᠦᠯᠦᠭᠴᠢ ᠶᠢᠨ ᠨᠢᠭᠡ ᠪᠣᠯᠣᠨ᠎ᠠ᠃ ︽ᠥᠷᠢᠰᠦᠯᠳᠦᠭᠡᠨ ᠴᠢᠩᠭ᠎ᠠ ᠪᠠᠶᠢᠨ᠎ᠠ᠂ ᠶᠠᠭ ᠡᠨᠡ ᠬᠦ ᠠᠵᠠ ᠲᠤᠭᠢᠶᠡᠯ ᠨᠢ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠡᠭᠡᠭᠰᠢᠯᠡᠭᠦᠯᠭᠦ ᠳᠤ ᠨᠥᠬᠦᠴᠡᠯ ᠣᠯᠭᠤᠭᠰᠠᠨ ᠪᠠᠶᠢᠨ᠎ᠠ︾ ᠭᠡᠵᠡᠢ᠃ 15 ᠵᠢᠯ ᠪᠠᠭᠰᠢᠯᠠᠭᠰᠠᠨ ᠵᠧᠦ ᠶᠠᠨ᠄ ︽ᠣᠲᠣ ᠪᠠᠭᠰᠢ ᠨᠠᠷ ᠲᠣᠰ ᠪᠡᠶ᠎ᠡ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠭᠦ ᠶᠢ ᠨᠠᠩ ᠢᠯᠡᠭᠦᠦ ᠴᠢᠬᠤᠯᠠᠴᠢᠯᠠᠵᠤ᠂ ᠪᠢᠳᠡᠨ ᠤ ᠵᠢᠭᠠᠨ ᠰᠤᠷᠭᠠᠬᠤ ᠤᠷᠮ᠎ᠠ ᠵᠣᠷᠢᠭ ᠢ ᠭᠦᠢᠴᠡᠳ ᠬᠥᠭᠵᠢᠭᠡᠵᠡᠢ︾ ᠭᠡᠵᠦ ᠪᠠᠶᠢᠯ᠎ᠠ ᠃  ᠪᠠᠭᠰᠢ ᠳᠤ ᠠᠪᠴᠤ ᠬᠡᠯᠡᠪᠡᠯ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠳᠦᠷᠢᠮ ᠪᠣᠯ ᠨᠢᠭᠡ ᠵᠦᠢᠯ ᠤᠨ ᠵᠣᠷᠢᠭᠵᠢᠭᠤᠯᠤᠯ ᠪᠠ ᠱᠠᠭᠠᠷᠳᠠᠯᠭ᠎ᠠ ᠮᠥᠨ᠂ ᠪᠦᠭᠦ ᠬᠤᠰᠢᠭᠤᠨ ᠤ ᠥᠭᠡᠷᠡᠴᠢᠯᠡᠯᠲᠡ ᠶᠢᠨ ᠠᠵᠢᠯ ᠳᠤ ᠣᠷᠣᠯᠴᠠᠬᠰᠠᠨ 89 ᠰᠤᠷᠭᠠᠭᠤᠯᠢ ᠳᠤ ᠠᠪᠴᠤ ᠬᠡᠯᠡᠪᠡᠯ᠂ ᠳᠦᠷᠢᠮ ᠤᠨ ᠬᠡᠷᠡᠭᠵᠢᠭᠦᠯᠦᠯᠲᠡ ᠨᠢ ᠰᠤᠷᠭᠠᠭᠤᠯᠢ ᠶᠢᠨ ᠳᠣᠲᠣᠭᠠᠳᠤ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠡᠢ ᠃  ︽︿ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ﹀ ᠳᠦᠷᠢᠮ ᠢ ᠬᠡᠷᠡᠭᠵᠢᠭᠦᠯᠦᠭᠰᠡᠨ ᠠᠴᠠ ᠨᠠᠭᠠᠰᠢ᠂ ᠴᠢᠳᠠᠪᠤᠷᠢ ᠲᠠᠢ᠂ ᠬᠠᠷᠢᠭᠤᠴᠠᠯᠭᠠᠲᠤ ᠰᠡᠳᠬᠢᠯᠭᠡ ᠲᠠᠢ ᠰᠢᠯᠢᠳᠡᠭ ᠪᠠᠭᠰᠢ ᠶᠢᠨ ᠡᠷᠳᠡᠮ ᠴᠢᠳᠠᠪᠤᠷᠢ ᠪᠠ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠪᠠᠭᠰᠢ ᠶᠢ ᠰᠠᠨᠠᠭᠠᠴᠢᠯᠠᠭ᠎ᠠ ᠠᠴᠠ ᠪᠠᠨ ᠠᠵᠢᠯ ᠬᠦᠯᠢᠶᠡᠵᠦ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ ᠠᠵᠢᠯ ᠭᠤᠶᠤᠴᠢᠯᠠᠬᠤ ᠪᠣᠯᠭᠠᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷᠵᠢᠯ ᠢ ᠳᠡᠭᠡᠭᠰᠢᠯᠡᠭᠦᠯᠦᠭᠰᠡᠨ ᠪᠠᠶᠢᠨ᠎ᠠ︾ ᠭᠡᠵᠦ ᠳᠠᠯᠠᠳ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠵᠠᠬᠢᠷᠤᠯ ᠰᠢᠩ ᠯᠢ ᠫᠢᠩ ᠶᠠᠷᠢᠨ᠎ᠠ ᠃  ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠳᠦᠷᠢᠮ ᠨᠢ ᠢᠯᠡᠭᠦᠦ ᠬᠥᠳᠡᠯᠮᠦᠷᠢᠯᠡᠵᠦ᠂ ᠰᠠᠶᠢᠨ ᠠᠵᠢᠯᠯᠠᠭᠰᠠᠨ ᠪᠠᠭᠰᠢ ᠶᠢᠨ ᠰᠢᠯᠢᠳᠡᠭ ᠢ ᠰᠢᠯᠭᠠᠷᠠᠭᠤᠯᠬᠤ ᠶᠢ ᠲᠡᠷᠢᠭᠦᠨ ᠳᠤ ᠲᠠᠯᠪᠢᠨ᠂ ᠠᠵᠢᠯ ᠤᠨ ᠠᠮᠵᠢᠯᠲᠠ ᠪᠦᠲᠦᠮᠵᠢ ᠶᠢ ᠢᠯᠡᠭᠦᠦ ᠠᠳᠬᠤᠵᠤ᠂ ᠪᠠᠭᠰᠢ ᠶᠢᠨ ᠬᠦᠷᠲᠡᠮᠵᠢ ᠶᠢᠨ ᠲᠥᠷᠥᠭᠳᠡᠯ ᠪᠠ ᠢᠷᠠᠭᠤ ᠠᠯᠳᠠᠷ ᠤᠨ ᠰᠡᠳᠬᠢᠯᠭᠡ ᠶᠢ ᠳᠡᠭᠡᠭᠰᠢᠯᠡᠭᠦᠯᠪᠡ᠃ ︽︿ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ﹀ ᠳᠦᠷᠢᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠡᠨᠡ ᠵᠢᠯ 217 ᠬᠥᠮᠥᠨ ᠢ ᠰᠣᠯᠢᠯᠴᠠᠭᠤᠯᠤᠨ ᠠᠵᠢᠯ ᠤᠨ ᠪᠠᠶᠢᠷᠢ ᠡᠭᠡᠯᠵᠢᠯᠡᠭᠦᠯᠵᠦ᠂ 74 ᠬᠥᠮᠥᠨ ᠢ ᠠᠵᠢᠯ ᠤᠨ ᠪᠠᠶᠢᠷᠢ ᠰᠣᠯᠢᠭᠤᠯᠵᠤ᠂ ᠪᠦᠭᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢ ᠰᠢᠯᠵᠢᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠬᠡᠵᠡᠢ︾ ᠭᠡᠵᠦ ᠳᠠᠯᠠᠳ  ᠬᠤᠰᠢᠭᠤᠨ ᠤ  ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠤᠤ ᠳ᠋ᠦᠩ ᠮᠢᠩ ᠶᠠᠷᠢᠵᠤ ᠪᠠᠶᠢᠯ᠎ᠠ ᠃ 
ᠢᠷᠡᠯᠲᠡ᠄ ᠳᠣᠯᠠᠭᠠᠨ ᠮᠡᠳᠡᠭᠡ