ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳ᠋ᠠᠶᠢᠲ᠋ᠠ ᠶᠢᠨ ᠬᠠᠷᠢᠭᠤ ᠲᠤᠰᠬᠠᠯ ᠢ ᠦᠨᠳᠦᠰᠦᠯᠡᠪᠡᠯ᠂ 2024 ᠣᠨ ᠳᠤ ᠪᠥᠬᠦ ᠣᠷᠣᠨ ᠤ ᠠᠮᠤ | ᠪᠤᠳᠠᠭ᠎ᠠ ᠲᠠᠷᠢᠭᠰᠠᠨ ᠲᠠᠯᠠᠪᠠᠶ 10517.7 ᠲᠦᠮᠡᠨ ᠮᠥ ᠪᠣᠯᠵᠤ᠂ ᠪᠥᠬᠦ ᠤᠯᠤᠰ ᠲᠤ ᠲᠠᠪᠤᠳᠤᠭᠠᠷ ᠲᠤ ᠪᠠᠶᠢᠷᠢᠯᠠᠵᠤ ᠪᠣᠢ︔ ᠳᠡᠭᠡᠷ᠎ᠡ ᠵᠢᠯ ᠤᠨ ᠬᠢ ᠠᠴᠠ 40.6 | ᠲᠦᠮᠡᠨ ᠮᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 0.39% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠲᠤ ᠭᠤᠷᠪᠠᠳᠤᠭᠠᠷ ᠲᠤ | ᠪᠠᠶᠢᠷᠢᠯᠠᠭᠰᠠᠨ ᠪᠠᠶᠢᠨ᠎ᠠ᠃ ᠭᠤᠷᠪᠠᠨ ᠶᠡᠭᠡ ᠲᠦᠷᠦᠯ ᠤᠨ ᠠᠮᠤ ᠪᠤᠳᠠᠭᠠᠨ ᠤ ᠲᠠᠷᠢᠮᠠᠯ ᠳᠤ᠂ ᠠᠮᠤ ᠪᠤᠳᠠᠭ᠎ᠠ ᠲᠠᠷᠢᠭᠰᠠᠨ ᠲᠠᠯᠠᠪᠠᠢ 8101.5 ᠲᠦᠮᠡᠨ ᠮᠤ᠋ ᠪᠠᠶᠢᠵᠤ᠂ 0. | 31% ᠪᠠᠷ ᠪᠠᠭᠤᠷᠠᠪᠠ︔ ᠪᠤᠷᠴᠠᠭ ᠤᠨ ᠲᠦᠷᠦᠯ ᠢ ᠲᠠᠷᠢᠭᠰᠠᠨ ᠲᠠᠯᠠᠪᠠᠢ 1974.5 ᠲᠦᠮᠡᠨ ᠮᠤ᠋ ᠪᠠᠶᠢᠵᠤ᠂ 0.23% ᠪᠠᠷ ᠪᠠᠭᠤᠷᠠᠪᠠ︔ ᠲᠥᠮᠥᠰᠦᠨ ᠤ | ᠲᠥᠷᠥᠯ ᠢ ᠲᠠᠷᠢᠭᠰᠠᠨ ᠲᠠᠯᠠᠪᠠᠶ 441.7 ᠲᠦᠮᠡᠨ ᠮᠥ ᠪᠠᠶᠢᠵᠤ᠂ 19.05% ᠪᠠᠷ ᠨᠡᠮᠡᠭᠳᠡᠪᠡ᠃ 2024 ᠣᠨ ᠳᠠᠬᠢ ᠮᠠᠨ ᠤ ᠣᠷᠣᠨ ᠤ ᠠᠮᠤ ᠪᠤᠳᠠᠭᠠᠨ ᠤ | ᠲᠠᠷᠢᠮᠠᠯ ᠤᠨ ᠨᠢᠭᠡᠴᠢ ᠶᠢᠨ ᠳᠤᠮᠳᠠᠴᠢ ᠤᠨᠠᠯᠲᠠ ᠮᠦ ᠪᠦᠷᠢ ᠳᠤ ᠪᠠᠨ 390 ᠺᠢᠯᠣᠭ᠍ᠷᠠᠮ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠮᠦ ᠪᠦᠷᠢ ᠳᠤ ᠪᠠᠨ ᠪᠠᠷᠤᠭ 12 | ᠺᠢᠯᠣᠭ᠍ᠷᠠᠮ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠨ᠂ ᠪᠥᠬᠦ ᠤᠯᠤᠰ ᠲᠤ 16 ᠳ᠋ᠤᠭᠠᠷ ᠲᠤ ᠪᠠᠶᠢᠷᠢᠯᠠᠪᠠ᠃ ᠭᠤᠷᠪᠠᠨ ᠶᠡᠭᠡ | ᠲᠥᠷᠥᠯ ᠤᠨ ᠠᠮᠤ ᠪᠤᠳᠠᠭᠠᠨ ᠤ ᠲᠠᠷᠢᠮᠠᠯ ᠳᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ ᠳᠤ 453 ᠺᠢᠯᠣᠭ᠍ᠷᠠᠮ ᠪᠠᠶᠢᠵᠤ᠂ ᠮᠦ ᠪᠦᠷᠢ ᠳᠤ ᠪᠠᠨ | ᠪᠠᠷᠤᠭ 14 ᠺᠢᠯᠣᠭ᠍ᠷᠠᠮ ᠨᠡᠮᠡᠭᠳᠡᠵᠦ᠂ 3.09% ᠪᠠᠷ ᠨᠡᠮᠡᠭᠳᠡᠪᠡ︔ ᠪᠤᠷᠴᠠᠭ ᠤᠨ ᠲᠥᠷᠥᠯ ᠤᠨ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ ᠳᠤ ᠪᠠᠨ 132 | ᠺᠢᠯᠣᠭ᠍ᠷᠠᠮ ᠪᠠᠶᠢᠵᠤ᠂ ᠮᠦ ᠪᠦᠷᠢ ᠳᠤ ᠪᠠᠨ ᠪᠠᠷᠤᠭ 2 ᠺᠢᠯᠣᠭ᠍ᠷᠠᠮ ᠨᠡᠮᠡᠭᠳᠡᠵᠦ᠂ 1.82% ᠢᠶᠠᠷ ᠨᠡᠮᠡᠭᠳᠡᠪᠡ︔ ᠲᠦᠮᠥᠰᠥᠨ ᠤ ᠲᠥᠷᠥᠯ ︵ᠠᠮᠤ ᠪᠤᠳᠠᠭ᠎ᠠ ᠪᠠᠷ ᠨᠤᠭᠤᠯᠤᠨ | ᠪᠤᠳᠤᠬᠤ ᠳᠤ︶ ᠤᠨ ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ ᠳᠤ ᠪᠠᠨ 384 ᠺᠢᠯᠣᠭ᠍ᠷᠠᠮ ᠪᠠᠶᠢᠵᠤ᠂ ᠮᠦ ᠪᠦᠷᠢ ᠳᠤ ᠪᠠᠨ ᠪᠠᠷᠤᠭ 34 ᠺᠢᠯᠣᠭ᠍ᠷᠠᠮ ᠨᠡᠮᠡᠭᠳᠡᠵᠦ᠂ 9. | 6% ᠪᠠᠷ ᠨᠡᠮᠡᠭᠳᠡᠪᠡ᠃ 2024 ᠣᠨ ᠳᠤ᠂ ᠮᠠᠨ ᠤ ᠣᠷᠣᠨ ᠤ ᠠᠮᠤ ᠪᠤᠳᠠᠭᠠᠨ ᠤ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3.6% ᠪᠠᠷ ᠨᠡᠮᠡᠭᠳᠡᠪᠡ᠃ ︵ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ︶ | |