︽2019 ᠣᠨ ᠳᠤ ᠰᠠᠭᠤᠭᠠᠯᠢ ᠲᠣᠭᠤᠷᠢᠭ ᠲᠤ ᠣᠷᠣᠵᠤ ᠰᠠᠭᠤᠭᠰᠠᠨ ᠂ ᠡᠳᠡᠭᠡᠷ ᠵᠢᠯ ᠤᠳ ᠲᠤ ᠪᠢᠳᠡ ᠶᠡᠷᠦ ᠨᠢ ᠲᠦᠷ ᠴᠠᠭ ᠴᠠᠬᠢᠯᠭᠠᠨ ᠬᠡᠷᠡᠭᠯᠡᠭᠰᠡᠭᠡᠷ | ᠢᠷᠡᠭᠰᠡᠨ ᠶᠤᠮ᠂ ᠴᠠᠬᠢᠯᠭᠠᠨ ᠳᠠᠩᠴᠤ ᠠᠮᠤᠷ ᠲᠦᠪᠰᠢᠨ ᠪᠢᠰᠢ᠂ ᠴᠠᠬᠢᠯᠭᠠᠨ ᠬᠦᠴᠦ ᠨᠢ ᠲᠣᠭᠲᠠᠪᠤᠷᠢ ᠦᠭᠡᠢ ᠠᠴᠠ ᠪᠣᠯᠵᠤ ᠴᠠᠬᠢᠯᠭᠠᠨ ᠬᠡᠷᠡᠭᠰᠡᠯ ᠢ ᠰᠢᠲᠠᠭᠠᠵᠤ | ᠪᠠᠶᠢᠬᠰᠠᠨ ᠪᠠᠶᠢᠨ᠎ᠠ᠃ ᠤᠳᠤ ᠵᠢᠩᠬᠢᠨᠢ ᠪᠠᠷ ᠴᠠᠬᠢᠯᠭᠠᠨ ᠬᠡᠷᠡᠭᠯᠡᠬᠦ ᠪᠤᠯᠵᠤ᠂ ᠰᠠᠭᠤᠭᠠᠯᠢ ᠲᠣᠭᠤᠷᠢᠭ ᠤᠨ ᠴᠠᠬᠢᠯᠭᠠᠨ ᠬᠠᠩᠭᠠᠯᠲᠠ ᠲᠣᠭᠲᠠᠭᠤᠨ ᠪᠤᠯᠤᠬᠰᠠᠨ ᠠᠴᠠ | ᠪᠢᠳᠡ ᠴᠠᠬᠢᠯᠭᠠᠨ ᠬᠡᠷᠡᠭᠯᠡᠭᠰᠡᠨ ᠴᠦ ᠰᠠᠨᠠᠭ᠎ᠠ ᠠᠮᠤᠷ︾ ᠭᠡᠵᠦ ᠿᠢ ᠡᠾᠧ ᠯᠢᠨ ᠶᠤᠸᠠᠨ ᠰᠠᠭᠤᠭᠠᠯᠢ ᠲᠣᠭᠤᠷᠢᠭ ᠤᠨ ᠶᠠᠩ ᠮᠣᠣ ᠯᠢᠨ ᠬᠡᠯᠡᠪᠡ᠃ | ︽ᠲᠦᠷ ᠴᠠᠭ ᠶᠢᠨ ᠴᠠᠬᠢᠯᠭᠠᠨ ︾ ᠪᠣᠯ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠱᠠᠲᠤᠨ ᠳᠤ ᠭᠤᠶᠤᠴᠢᠯᠠᠭᠰᠠᠨ ᠲᠦᠷ | ᠴᠠᠭ ᠤᠨ ᠴᠠᠬᠢᠯᠭᠠᠨ ᠡᠭᠦᠰᠭᠡᠭᠴᠢ ᠪᠠᠶᠢᠵᠤ᠂ ᠵᠥᠪᠬᠡᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠩᠭᠠᠵᠤ᠂ ᠰᠠᠭᠤᠭᠠᠯᠢ ᠠᠷᠠᠳ ᠤᠨ ᠣᠷᠣᠵᠤ ᠰᠠᠭᠤᠭᠰᠠᠨ ᠤ | ᠳᠠᠷᠠᠭᠠᠬᠢ ᠠᠮᠢᠳᠤᠷᠠᠯ ᠤᠨ ᠴᠠᠬᠢᠯᠭᠠᠨ ᠬᠡᠷᠡᠭᠯᠡᠬᠦ ᠶᠢ ᠬᠠᠩᠭᠠᠵᠤ ᠳᠡᠶᠢᠯᠬᠦ ᠦᠭᠡᠢ ᠪᠠᠶᠢᠳᠠᠭ᠃ ᠴᠠᠬᠢᠯᠭᠠᠨ ᠢ ᠵᠣᠬᠢᠰᠲᠠᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ | 2024 ᠣᠨ ᠳᠤ ᠳᠠᠯᠠᠳ ᠬᠤᠰᠢᠭᠤ᠂ ᠨᠡᠶᠢᠳᠡ 1800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠠᠬᠢᠯᠭᠠᠨ ᠬᠠᠩᠭᠠᠬᠤ ᠲᠣᠪᠴᠢᠶ᠎ᠠ᠂ ᠴᠠᠬᠢᠯᠭᠠᠨ | ᠬᠠᠩᠭᠠᠬᠤ ᠺᠣᠮᠫᠠᠨᠢ ᠵᠡᠷᠭᠡ ᠤᠯᠠᠨ ᠲᠠᠯ᠎ᠠ ᠶᠢᠨ ᠬᠦᠴᠦᠨ ᠢ ᠬᠤᠯᠪᠣᠭᠠᠯᠠᠨ ᠬᠥᠳᠡᠯᠦᠯᠴᠡᠵᠦ᠂ ᠡᠯ᠎ᠡ ᠰᠠᠭᠤᠭᠠᠯᠢ ᠲᠣᠭᠤᠷᠢᠭ ᠤᠨ ᠲᠦᠷ ᠴᠠᠭ ᠤᠨ ᠴᠠᠬᠢᠯᠭᠠᠨ | ᠬᠡᠷᠡᠭᠯᠡᠬᠦ ᠥᠭᠡᠷᠡᠴᠢᠯᠡᠯᠲᠡ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠪᠠ᠃ ᠣᠲᠣ ᠪᠣᠯᠲᠠᠯ᠎ᠠ᠂ ᠵᠢᠶᠠ ᠶᠤᠸᠠᠨ B ᠲᠣᠭᠤᠷᠢᠭ᠂ ᠿᠢ | ᠾᠧ ᠬᠠᠨ ᠯᠢᠨ ᠬᠦᠷᠢᠶᠡᠯᠡᠩ ᠵᠡᠷᠭᠡ ᠰᠠᠭᠤᠭᠠᠯᠢ ᠲᠣᠭᠤᠷᠢᠭ ᠤᠨ ᠴᠠᠬᠢᠯᠭᠠᠨ ᠭᠡᠷᠡᠭᠯᠡᠬᠦ ᠶᠢ ᠨᠢᠭᠡᠨᠲᠡ ᠪᠦᠬᠦᠨ ᠢ ᠵᠠᠰᠠᠪᠤᠷᠢ ᠣᠷᠣᠭᠤᠯᠪᠠ᠃ 2297 ᠡᠷᠦᠬᠡ | ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠢ | ᠰᠢᠢᠳᠪᠦᠷᠢᠯᠡᠵᠦ᠂ ᠣᠯᠠᠨ ᠲᠦᠮᠡᠨ ᠢ ᠠᠮᠤᠷ ᠲᠦᠪᠰᠢᠨ᠂ ᠲᠣᠭᠲᠠᠭᠤᠨ ︽ᠰᠠᠨᠠᠭ᠎ᠠ ᠠᠮᠤᠷ ᠴᠠᠬᠢᠯᠭᠠᠨ ᠬᠡᠷᠡᠭᠯᠡᠬᠦ︾ ᠶᠢ ᠠᠬᠢᠭᠤᠯᠪᠠ᠃ | | | | | ᠿᠢ ᠾᠧ ᠬᠠᠨ ᠯᠢᠨ ᠬᠦᠷᠢᠶᠡᠯᠡᠩ ᠤᠨ ᠠᠵᠢᠯᠲᠠᠨ ᠵᠠᠩ ᠡᠦ ᠨᠠᠩ ︽ᠲᠦᠷ ᠴᠠᠭ ᠶᠢᠨ ᠴᠠᠬᠢᠯᠭᠠᠨ ︾ ᠶᠢ ᠥᠭᠡᠷᠡᠴᠢᠯᠡᠬᠦ ᠳᠤ ᠮᠠᠰᠢ ᠴᠢᠩᠭ᠎ᠠ ︽ | ᠬᠦᠷᠲᠡᠮᠵᠢ ᠶᠢᠨ ᠲᠥᠷᠥᠭᠳᠡᠯ︾ ᠲᠠᠢ ᠪᠠᠶᠢᠳᠠᠭ᠂ ︽ᠥᠩᠭᠡᠷᠡᠭᠰᠡᠨ ᠳᠤ ᠲᠦᠷ ᠴᠠᠭ ᠴᠠᠬᠢᠯᠭᠠᠨ ᠬᠡᠷᠡᠭᠯᠡᠬᠦ ᠦᠶ᠎ᠡ ᠳᠤ ᠴᠠᠬᠢᠯᠭᠠᠨ ᠱᠠᠲᠤ ᠶᠡᠷᠦ ᠨᠢ ᠭᠡᠮᠳᠦᠯ ᠭᠠᠷᠴᠤ᠂ | ᠭᠡᠮ ᠭᠠᠷᠪᠠᠯ ᠪᠢᠳᠡ ᠴᠠᠭ ᠲᠤᠬᠠᠶ ᠳᠤᠨᠢ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠠᠷᠪᠠᠨ ᠵᠢᠷᠭᠤᠳᠤᠭᠠᠷ ᠳᠣᠯᠣᠳᠤᠭᠠᠷ ᠳᠠᠪᠬᠤᠷ ᠲᠤ ᠭᠠᠷᠴᠤ ᠠᠪᠤᠷᠠᠨ | ᠲᠤᠰᠠᠯᠠᠬᠤ ᠪᠣᠯ ᠴᠥᠮ ᠡᠩ ᠤᠨ ᠶᠠᠪᠤᠳᠠᠯ᠂ ᠵᠦᠳᠡᠷᠡᠯ ᠪᠣᠯ ᠨᠢᠭᠡ ᠲᠠᠯ᠎ᠠ ᠮᠥᠨ᠂ ᠰᠠᠭᠤᠭᠠᠯᠢ ᠠᠷᠠᠳ ᠤᠨ ᠴᠠᠬᠢᠯᠭᠠᠨ ᠱᠠᠲᠤ ᠳᠤ ᠪᠠᠰᠠ ᠲᠦᠢᠯ ᠤᠨ ᠠᠮᠤᠷ | ᠲᠦᠪᠰᠢᠨ ᠪᠢᠰᠢ ᠶᠤᠮ᠃ ᠣᠳᠣ ᠵᠢᠩᠭᠢᠨᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠭᠰᠡᠨ ᠤ ᠳᠠᠷᠠᠭ᠎ᠠ ᠠᠪᠤᠷᠠᠨ ᠲᠤᠰᠠᠯᠠᠬᠤ ᠤᠲᠠᠰᠤ ᠲᠤᠰᠤᠭᠰᠠᠨ ᠦᠭᠡᠢ | ᠮᠥᠷᠲᠡᠭᠡᠨ ᠬᠤᠣᠰ ᠴᠠᠬᠢᠯᠭᠠᠨ ᠡᠭᠦᠰᠭᠡᠭᠴᠢ ᠶᠢᠨ ᠴᠠᠬᠢᠯᠭᠠᠨ ᠬᠠᠩᠭᠠᠯᠲᠠ ᠶᠢᠨ ᠨᠥᠬᠦᠴᠡᠯ ᠳᠣᠣᠷ᠎ᠠ᠂ ᠴᠠᠬᠢᠯᠭᠠᠨ ᠵᠣᠭᠰᠣᠭᠰᠠᠨ ᠴᠤ ᠬᠠᠮᠤᠭ ᠤᠨ ᠲᠦᠷᠭᠡᠨ | ᠴᠠᠭ ᠲᠤ ᠪᠡᠯᠡᠳᠬᠡᠯ ᠴᠠᠬᠢᠯᠭᠠᠨ ᠡᠭᠦᠰᠭᠡᠭᠴᠢ ᠶᠢ ᠡᠬᠢᠯᠡᠭᠦᠯᠵᠦ᠂ ᠤᠯᠠᠨ ᠢᠶᠠᠷ ᠢᠶᠠᠨ ᠴᠠᠬᠢᠯᠭᠠᠨ ᠱᠠᠲᠤᠨ ᠳᠤ ᠰᠠᠨᠠᠭ᠎ᠠ ᠠᠮᠤᠷ ᠰᠠᠭᠤᠵᠤ ᠪᠣᠯᠤᠨ᠎ᠠ︾ ᠭᠡᠵᠦ ᠬᠡᠯᠡᠪᠡ᠃ | | ᠴᠠᠬᠢᠯᠭᠠᠨ ᠬᠠᠩᠭᠠᠬᠤ ︽ᠵᠢᠩᠬᠢᠨᠢᠴᠢᠯᠡᠭᠰᠡᠨ︾ ᠨᠢ ᠰᠠᠭᠤᠭᠠᠯᠢ ᠲᠣᠭᠤᠷᠢᠭ ᠤᠨ ᠴᠠᠬᠢᠯᠭᠠᠨ ᠬᠠᠩᠭᠠᠬᠤ ᠳᠤ ᠲᠣᠭᠲᠠᠪᠤᠷᠢᠲᠤ ᠴᠢᠨᠠᠷ ᠪᠠ ᠠᠮᠤᠷ ᠲᠦᠪᠰᠢᠨ | ᠴᠢᠨᠠᠷ ᠬᠠᠩᠭᠠᠬᠤ ᠶᠢᠨ ᠬᠠᠮᠲᠤ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠠᠮᠢᠳᠤᠷᠠᠯ ᠤᠨ ᠲᠥᠬᠦᠮ ᠨᠥᠬᠦᠴᠡᠯ ᠢ | ᠳᠡᠭᠡᠭᠰᠢᠯᠡᠭᠦᠯᠪᠡ᠃ ᠤᠤᠯ ᠨᠢ ᠰᠠᠭᠤᠭᠠᠯᠢ ᠠᠷᠠᠳ ᠲᠦᠷ ᠴᠠᠭ ᠤᠨ ᠴᠠᠬᠢᠯᠭᠠᠨ ᠬᠡᠷᠡᠭᠯᠡᠵᠦ ᠰᠣᠶᠢᠳᠬᠡᠯ ᠲᠤᠰᠢᠶᠠᠭᠰᠠᠨ ᠶᠠᠪᠤᠴᠠ ᠮᠠᠰᠢ ᠪᠤᠳᠤᠯᠢᠶᠠᠨᠲᠠᠶ ᠪᠠᠶᠢᠭᠰᠠᠨ | ᠪᠥᠭᠡᠳ ᠠᠳᠠᠯ ᠠᠬᠤᠶ ᠺᠣᠮᠫᠠᠨᠢ ᠶᠢᠨ ᠠᠵᠢᠯᠲᠠᠨ ᠡᠷᠦᠬᠡ ᠳᠠᠷᠠᠭᠠᠯᠠᠨ ᠬᠠᠭᠤᠯᠵᠤ ᠪᠠᠷᠠᠭᠰᠠᠨ ᠤ ᠳᠠᠷᠠᠭ᠎ᠠ᠂ ᠴᠠᠬᠢᠯᠭᠠᠨ ᠤ ᠰᠣᠶᠢᠳᠬᠡᠯ ᠢ ᠲᠤᠰᠢᠶᠠᠬᠤ ᠶᠢ | ᠪᠡᠶᠡᠯᠡᠭᠦᠯᠵᠦ ᠪᠠᠶᠢᠪᠠ᠃ | ︽ᠤᠤᠯ ᠨᠢ ᠠᠳᠠᠯ ᠠᠬᠤᠶ ᠺᠣᠮᠫᠠᠨᠢ ᠶᠢᠨ ᠮᠡᠳᠡᠭᠳᠡᠯ ᠢ ᠣᠯᠤᠭᠰᠠᠨ ᠤ ᠳᠠᠷᠠᠭ᠎ᠠ ᠴᠠᠬᠢᠯᠭᠠᠨ ᠤ ᠰᠣᠶᠢᠳᠬᠡᠯ ᠢᠶᠠᠨ ᠲᠤᠰᠢᠶᠡᠨ᠎ᠡ᠂ ᠣᠲᠣ ᠥᠪᠡᠷ ᠢᠶᠠᠨ ᠭᠠᠷ | ᠤᠲᠠᠰᠤᠨ ᠳᠡᠭᠡᠷ᠎ᠡ ᠬᠡᠳᠦᠶ ᠴᠠᠬᠢᠯᠭᠠᠨ ᠬᠡᠷᠡᠭᠯᠡᠵᠦ ᠪᠠᠶᠢᠬᠤ ᠶᠢ ᠣᠯᠵᠤ ᠬᠠᠷᠠᠬᠤ ᠮᠦᠷᠲᠡᠭᠡᠨ ᠪᠠᠰᠠ ᠬᠡᠳᠦᠶ ᠵᠣᠭᠤᠰ ᠦᠯᠡᠳᠡᠵᠦ ᠪᠠᠶᠢᠭ᠎ᠠ ᠪᠠᠶᠢᠳᠠᠯ ᠪᠣᠯᠣᠨ᠂ | ᠰᠢᠭᠤᠳ ᠰᠦᠢᠳᠭᠡᠯ ᠲᠤᠰᠢᠶᠠᠬᠤ ᠳᠤ ᠮᠠᠰᠢ ᠲᠥᠬᠦᠮ ᠪᠠᠶᠢᠨ᠎ᠠ︾ ᠭᠡᠵᠡᠶ᠃ ᠯᠢᠩ ᠱᠢᠦ ᠱᠠᠩ ᠴᠧᠩ ᠰᠠᠭᠤᠭᠠᠯᠢ ᠲᠣᠭᠤᠷᠢᠭ ᠤᠨ ᠰᠠᠭᠤᠭᠠᠯᠢ ᠡᠷᠦᠬᠡ ᠯᠢᠦ ᠹᠧᠩ | ᠴᠦᠨ ᠰᠤᠷᠪᠤᠯᠵᠢᠯᠠᠭᠴᠢ ᠳᠤ ᠬᠡᠷᠬᠢᠨ ᠰᠦᠢᠳᠭᠡᠯ ᠲᠤᠰᠢᠶᠠᠬᠤ ᠲᠣᠬᠠᠢ ᠶᠠᠷᠢᠵᠤ ᠥᠭᠪᠡ᠃ | ᠴᠠᠬᠢᠯᠭᠠᠨ ᠬᠡᠷᠡᠭᠯᠡᠬᠦ ᠠᠰᠠᠭᠤᠳᠠᠯ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠬᠤᠯᠪᠣᠭᠳᠠᠨ᠎ᠠ᠃ ᠴᠠᠬᠢᠯᠭᠠᠨ ᠬᠠᠩᠭᠠᠬᠤ ᠶᠢ ᠥᠭᠡᠷᠡᠴᠢᠯᠡᠭᠰᠡᠨ ᠤ ᠳᠠᠷᠠᠭ᠎ᠠ᠂ ᠰᠠᠭᠤᠭᠠᠯᠢ ᠠᠷᠠᠳ ᠴᠠᠬᠢᠯᠭᠠᠨ ᠬᠡᠷᠡᠭᠯᠡᠬᠦ ᠥᠩᠭᠡᠷᠡᠯᠲᠡ ᠶᠢ ᠨᠡᠶᠢᠳᠡᠮ | ᠬᠠᠷᠢᠭᠤ ᠲᠤᠰᠬᠠᠵᠤ᠂ ᠴᠠᠬᠢᠯᠭᠠᠨ ᠬᠡᠷᠡᠭᠰᠡᠯ ᠤᠨ ᠬᠡᠷᠡᠭᠯᠡᠯᠲᠡ ᠨᠢ ᠳᠠᠬᠢᠨ ᠳᠠᠪᠲᠠᠨ ᠬᠠᠭᠠᠯᠲᠠ ᠦᠰᠦᠷᠬᠦ ᠬᠦᠴᠢᠷᠳᠡᠯ ᠦᠭᠡᠢ ᠪᠣᠯᠵᠤ᠂ ᠠᠮᠢᠳᠤᠷᠠᠯ ᠳᠤ ᠳᠥᠭᠦᠮ | ᠳᠥᠲᠡ ᠴᠢᠨᠠᠷ ᠪᠠ ᠲᠠᠭᠠᠯᠠᠮᠵᠢᠲᠠᠶ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ | |