ᠥᠪᠥᠷᠵᠢᠯᠠᠭ᠎ᠠ ᠴᠦᠬᠦᠷᠦᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠵᠦ ᠣᠷᠣᠭᠤᠯᠬᠤ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/12/23
            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ            ᠥᠪᠥᠷ ᠵᠠᠰᠠᠭ ᠦᠰᠦᠭ ﹇2024﹈ 230 ᠳ᠋ᠤᠭᠠᠷ ᠲᠣᠭᠠᠲᠤ        ᠥᠪᠥᠷᠵᠢᠯᠠᠭ᠎ᠠ ᠴᠦᠬᠦᠷᠦᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠵᠦ ᠣᠷᠣᠭᠤᠯᠬᠤ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯᠬᠢᠩᠭᠠᠨ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ᠪᠠᠶᠢᠭᠤᠯᠬᠤ ᠪᠠᠷ ᠪᠠᠶᠢᠭ᠎ᠠ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠪᠠᠷᠢᠯᠭ᠎ᠠ ᠪᠣᠯᠣᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄      ᠨᠢᠭᠡ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠪᠠᠶᠠᠨᠵᠢᠷᠦᠬᠡ ᠭᠠᠴᠠᠭ᠎ᠠ᠂ ᠥᠪᠥᠷᠵᠢᠯᠠᠭ᠎ᠠ ᠭᠠᠴᠠᠭ᠎ᠠ ᠳᠤ ᠬᠤᠯᠪᠣᠭᠳᠠᠵᠤ᠂ ᠪᠣᠳᠠᠲᠠᠢ ᠬᠦᠷᠢᠶ᠎ᠡ ᠬᠡᠪᠴᠢᠶ᠎ᠡ ᠨᠢ ᠲᠤᠬᠠᠢ ᠶᠢᠨ ᠲᠠᠯᠠᠪᠤᠷ ᠲᠤ ᠪᠤᠯᠠᠭᠠᠷᠢ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ᠃      ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ  ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠤᠮᠤ ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃      ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ ᠭᠡᠷ ᠪᠠᠶᠢᠰᠢᠩ ᠪᠠᠷᠢᠬᠤ ᠪᠠ ᠪᠤᠰᠤᠳ ᠪᠡᠯᠡᠳᠬᠡᠮᠵᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠦᠷᠦᠯ᠂ ᠭᠠᠵᠠᠷ ᠤᠨ ᠲᠥᠷᠬᠦ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠬᠠᠰᠢᠶ᠎ᠠ ᠬᠦᠷᠢᠶᠡᠯᠡᠩ ᠵᠠᠪᠳᠤᠨ ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠤᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠵᠠᠪᠳᠤᠨ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ  ᠬᠢᠵᠦ ᠪᠣᠯᠬᠤ ᠦᠭᠡᠢ᠃      ᠳᠥᠷᠪᠡ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ  ᠳᠤ  ᠨᠢ ᠳᠡᠩᠳᠡᠭᠦᠦ ᠶᠡᠭᠡ ᠨᠥᠯᠥᠭᠡ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭ᠎ᠠ ᠲᠠᠢ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠤᠰᠢᠭᠤᠨ ᠤ ᠱᠠᠲᠤᠨ  ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠵᠤ ᠪᠣᠯᠣᠨ᠎ᠠ᠃      ᠲᠠᠪᠤ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠠᠬᠢ ᠡᠷᠥᠭᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ  ᠬᠥᠮᠥᠨ ᠠᠮᠠ ᠨᠡᠭᠦᠯᠭᠡᠨ ᠣᠷᠤᠭᠤᠯᠬᠤ ᠶᠢ ᠴᠢᠩᠭ᠎ᠠ  ᠬᠢᠵᠠᠭᠠᠷᠯᠠᠬᠤ ᠬᠡᠷᠡᠭᠲᠡᠢ᠃ ᠲᠦᠷᠦᠭᠰᠡᠨ᠂ ᠤᠷᠤᠭᠯᠠᠭᠰᠠᠨ᠂ ᠴᠡᠷᠢᠭ ᠠᠴᠠ ᠬᠠᠯᠠᠭᠳᠠᠭᠰᠠᠨ ᠪᠠ ᠪᠠᠭᠤᠭᠰᠠᠨ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠵᠡᠷᠭᠡ ᠨᠤᠲᠤᠭ ᠲᠤ ᠪᠠᠨ ᠪᠤᠴᠠᠭᠰᠠᠨ ᠬᠥᠮᠥᠰ ᠠᠴᠠ ᠪᠤᠰᠤᠳ  ᠲᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠦᠷᠦᠯ ᠤᠨ ᠬᠥᠮᠥᠨ ᠠᠮᠠ ᠨᠡᠭᠦᠯᠭᠡᠨ ᠣᠷᠤᠭᠤᠯᠬᠤ ᠭᠠᠷᠳᠠᠮ ᠢ ᠭᠦᠢᠴᠡᠳᠬᠡᠵᠦ ᠪᠣᠯᠬᠤ ᠦᠭᠡᠢ᠃      ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠤᠯᠠᠨ ᠲᠦᠮᠡᠨ ᠢ ᠥᠳᠥᠭᠡᠵᠦ ᠬᠡᠷᠡᠭ ᠲᠠᠲᠠᠭᠰᠠᠨ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ ᠬᠠᠷᠰᠢ ᠰᠠᠭᠠᠳ ᠤᠴᠠᠷᠠᠭᠤᠯᠤᠭᠰᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   2024 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ                                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ