ᠸᠠᠩ ᠰᠢᠶᠣᠤ ᠫᠢᠩ ᠽᠠᠨᠳᠠᠨᠵᠤᠤ ᠰᠤᠮᠤᠨ ᠳᠤ ᠬᠦᠷᠴᠦ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠶᠢᠨ ᠲᠠᠯᠠᠪᠤᠷ ᠲᠤ ᠠᠯᠪᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/24
    12 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ ᠽᠠᠨᠳᠠᠨᠵᠤᠤ ᠰᠤᠮᠤ ᠳᠤ ᠬᠦᠷᠴᠦ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠶᠢᠨ ᠲᠠᠯᠠᠪᠤᠷ ᠲᠤ ᠠᠯᠪᠠᠯᠠᠬᠤ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ᠱᠠᠩ ᠵᠧᠨ ᠹᠸᠢ᠂ ᠴᠧᠨ ᠯᠢ ᠳ᠋ᠦᠩ᠂ ᠰᠢᠤᠸᠠᠢ ᠬᠠᠶ ᠯᠢᠨ᠂ ᠵᠠᠩ ᠳ᠋ᠦᠩ ᠯᠢᠶᠠᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠽᠠᠨᠳᠠᠨᠵᠤᠤ ᠰᠤᠮᠤ ᠶᠢᠨ ᠬᠠᠮᠢᠶ᠎ᠠ ᠪᠥᠬᠦᠶ ᠬᠥᠮᠦᠰ ᠣᠷᠣᠯᠴᠠᠪᠠ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠰᠧᠯᠢᠶᠡᠨ ᠬᠤᠶᠠᠳᠤᠭᠠᠷ ᠤᠮᠠᠷᠠᠲᠤ ᠣᠷᠣᠨ ᠤ ᠪᠤᠯᠠᠭ ᠨᠡᠭᠦᠷᠡᠰᠦᠨ ᠠᠭᠤᠷᠬᠠᠶ᠂ ᠰᠠᠨ ᠰᠢᠶᠠ ᠮᠧᠩ ᠨᠧᠩ 4 × 100 ᠲᠦᠮᠡᠨ ᠺᠢᠯᠣᠸᠠᠲ ᠤᠨ ᠭᠠᠯ ᠴᠠᠬᠢᠯᠭᠠᠨ ᠤ ᠦᠢᠯᠡᠳᠪᠦᠷᠢ᠂ ᠶᠢᠨ ᠶᠦᠨ ᠨᠡᠭᠦᠷᠡᠰᠦᠨ ᠠᠭᠤᠷᠬᠠᠶ ᠶᠢᠨ ᠲᠤᠤᠷ᠎ᠠ ᠨᠡᠭᠦᠷᠡᠰᠦᠲᠥ᠋ᠷᠥᠭᠴᠢᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠵᠠᠨᠵᠤᠤᠷ ᠭᠠᠴᠠᠭ᠎ᠠ ᠶᠢᠨ ᠬᠥᠪᠴᠢ ᠲᠠᠯ᠎ᠠ ᠨᠤᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠰᠠᠭᠤᠷᠢᠨ ᠭᠠᠵᠠᠷ᠂ ᠵᠢᠩ ᠴᠢᠤᠸᠠᠨ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠤᠸᠠᠩ ᠮᠦ ᠳ᠋ᠦ᠋ ᠲᠣᠰᠬᠤᠨ ᠵᠡᠷᠭᠡ ᠭᠠᠵᠠᠷ ᠲᠤ ᠬᠦᠷᠴᠦ᠂ ᠵᠠᠨᠵᠤᠤᠷ ᠰᠤᠮᠤᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠪᠠᠶᠢᠴᠠᠭᠠᠨ ᠰᠤᠳᠤᠯᠤᠭᠰᠠᠨ ᠪᠥᠭᠡᠳ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠶ ᠰᠤᠮᠤ᠂ ᠭᠠᠴᠠᠭ᠎ᠠ ᠲᠣᠰᠬᠤᠨ ᠤ ᠤᠳᠤᠷᠢᠳᠬᠤ ᠺᠠᠳ᠋ᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠢᠵᠠᠭᠠᠷᠯᠠᠬᠤ ᠬᠦᠴᠦᠨ ᠵᠦᠢᠯ ᠢ ᠬᠢᠨᠠᠮᠠᠭᠠᠶ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠡᠷᠢᠯᠬᠢᠯᠡᠪᠡ᠃    ᠲᠤᠬᠠᠢ ᠶᠢᠨ ᠲᠠᠯᠠᠪᠠᠢ ᠶᠢᠨ ᠠᠯᠪᠠᠯᠠᠬᠤ ᠬᠤᠷᠠᠯ ᠳᠡᠭᠡᠷ᠎ᠡ᠂ ᠽᠠᠨᠳᠠᠨᠵᠤᠤ ᠰᠤᠮᠤ ᠶᠢᠨ ᠬᠠᠷᠢᠭᠤᠴᠠᠯᠭᠠᠲᠠᠨ 2024 ᠣᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ᠂ 2025 ᠣᠨ ᠤ ᠠᠵᠢᠯ ᠤᠨ ᠰᠡᠳᠬᠢᠴᠡ ᠠᠷᠭ᠎ᠠ ᠬᠡᠮᠵᠢᠶ᠎ᠡ ᠵᠢᠴᠢ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ᠂ ᠳᠠᠪᠠᠭᠤᠯᠢᠭ ᠠᠵᠤ ᠦᠢᠯᠡᠰ ᠢ ᠬᠥᠭᠵᠢᠭᠦᠯᠬᠦ᠂ ᠰᠤᠯᠠ ᠪᠠᠶᠢᠬᠤ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠲᠠᠯ᠎ᠠ ᠪᠠᠷ ᠬᠤᠰᠢᠭᠤᠨ ᠤ ᠲᠡᠰ ᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ 11 ᠵᠦᠢᠯᠡᠰ ᠢ ᠬᠠᠷᠢᠭᠤ ᠮᠡᠳᠡᠭᠦᠯᠵᠡᠢ᠂ ᠸᠠᠩ ᠰᠢᠶᠤᠤ ᠫᠢᠩ ᠨᠢᠭᠡᠳ ᠨᠢᠭᠡ ᠪᠠᠷ ᠬᠠᠷᠢᠭᠤ ᠲᠤᠰᠬᠠᠵᠤ᠂ ᠲᠤᠬᠠᠢ ᠶᠢᠨ ᠲᠠᠯᠠᠪᠠᠢ ᠳᠤ 8 ᠵᠦᠢᠯ ᠢ ᠲᠤᠰᠢᠶᠠᠨ ᠥᠭᠴᠦ᠂ 3 ᠵᠦᠢᠯ ᠢ ᠨᠠᠷᠢᠨ ᠲᠠᠩᠰᠠ ᠳᠤ ᠣᠷᠣᠭᠤᠯᠤᠨ ᠠᠬᠢᠭᠤᠯᠪᠠ᠃    ᠸᠠᠩ ᠰᠢᠶᠤᠤ ᠫᠢᠩ᠂ ᠽᠠᠨᠳᠠᠨᠵᠤᠤ ᠰᠤᠮᠤ ᠶᠢᠨ ᠲᠡᠦᠬᠡ ᠰᠣᠶᠣᠯ ᠥᠨᠢ ᠤᠳᠠᠭᠠᠨ ᠪᠠᠶᠢᠵᠤ᠂ ᠨᠤᠲᠤᠭ ᠤᠨ ᠡᠷᠳᠡᠮᠲᠡᠨ ᠮᠡᠷᠭᠡᠳ ᠬᠤᠶᠢᠨ᠎ᠠ ᠬᠤᠶᠢᠨ᠎ᠠ ᠠᠴᠠ ᠪᠠᠨ ᠭᠠᠷᠴᠤ᠂ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠴᠢᠬᠤᠯᠠ ᠶᠡᠭᠡ ᠲᠦᠷᠦᠯ ᠵᠦᠢᠯ ᠲᠥᠪᠯᠡᠷᠡᠩᠭᠦᠢ᠂ ᠤᠨᠴᠠᠯᠢᠬᠳᠤ ᠠᠵᠤ ᠦᠢᠯᠡᠰ ᠢᠯᠡᠷᠬᠡᠢ᠂ ᠵᠥᠷᠢᠴᠡᠯ ᠠᠰᠠᠭᠤᠳᠠᠯ ᠲᠤᠪᠤᠶᠢᠮ᠎ᠠ᠂ ᠠᠵᠢᠯ ᠤᠨ ᠡᠭᠦᠷᠭᠡ ᠬᠦᠨᠳᠦ ᠪᠠᠶᠢᠨ᠎ᠠ᠂ ᠪᠦᠬᠦ ᠬᠤᠰᠢᠭᠤᠨ ᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠵᠠᠷ᠂ ᠪᠦᠬᠦ ᠬᠤᠰᠢᠭᠤᠨ ᠤ ᠠᠵᠤ ᠦᠢᠯᠡᠰ ᠤᠨ ᠴᠢᠬᠤᠯᠠ ᠪᠠᠯᠭᠠᠰᠤ ᠪᠣᠯᠤᠨ᠎ᠠ᠂ ᠪᠦᠬᠦ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃    ᠸᠠᠩ ᠰᠢᠶᠤᠤ ᠫᠢᠩ᠂ ᠴᠢᠬᠤᠯᠠ ᠶᠡᠭᠡ ᠲᠥᠷᠥᠯ ᠵᠦᠢᠯ ᠢ ᠳᠡᠮᠵᠢᠵᠦ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠯᠢ ᠶᠢᠨ ᠳᠣᠲᠣᠷᠠᠬᠢ ᠪᠤᠯᠠᠭ᠂ ᠴᠧᠩ ᠯᠢᠶᠠᠩ ᠬᠤᠶᠠᠷ ᠶᠢᠨ ᠵᠢᠯ ᠳᠤ 1000 ᠲᠦᠮᠡᠨ ᠲᠣᠨ ᠠᠭᠤᠷᠬᠠᠶ ᠦᠢᠯᠡᠳᠪᠦᠷᠢᠯᠡᠬᠦ᠂ ᠭᠤᠷᠪᠠᠨ ᠬᠠᠪᠴᠢᠯ ᠤᠨ ᠮᠧᠩ ᠨᠧᠩ 4 × 100 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠵᠡᠷᠭᠡ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠦᠢᠯ ᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠡᠯᠧᠮᠧᠨ᠋ᠲ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠯᠠᠩᠭᠤᠶ᠎ᠠ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠲᠣᠭᠲᠠᠭᠠᠯ ᠶᠣᠰᠣᠭᠠᠷ᠂ ᠡᠷᠬᠡ ᠲᠡᠭᠰᠢ ᠲᠥᠪ ᠭᠤᠤᠯᠴᠢ ᠪᠠᠷ ᠲᠣᠬᠢᠲᠠᠶ ᠰᠢᠢᠳᠪᠦᠷᠢᠯᠡᠵᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠰᠢᠷᠣᠶ ᠬᠡᠷᠡᠭᠯᠡᠬᠦ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠨᠢᠭᠡᠳᠦᠯᠲᠡᠢ ᠲᠠᠷᠢᠵᠤ ᠬᠠᠮᠲᠤᠪᠠᠷ ᠪᠠᠶᠠᠵᠢᠭᠤᠯᠬᠤ︾ ᠵᠠᠭᠪᠤᠷ ᠢᠶᠠᠷ ᠭᠠᠷᠳᠠᠴᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢᠨ ᠲᠠᠯᠠᠪᠠᠢ ᠶᠢ ᠥᠷᠭᠡᠳᠬᠡᠵᠦ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠵᠤ᠂ ᠤᠨᠴᠠᠯᠢᠬᠳᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠵᠡᠩᠨᠡᠯᠲᠡ ᠶᠢᠨ ᠶᠠᠰᠤ ᠴᠢᠨᠠᠷ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠴᠢᠷᠮᠠᠶᠢᠨ ᠤᠷᠲᠤᠳᠬᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠪᠠ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠭᠦᠢᠴᠡᠳ ᠤᠶᠠᠯᠳᠤᠭᠤᠯᠵᠤ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠲᠦᠷᠢᠮ ᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠦᠬᠦ ᠲᠠᠯ᠎ᠠ ᠪᠠᠷ ᠠᠷᠢᠯᠭᠠᠵᠤ᠂ ᠬᠥᠳᠡᠭᠡ ᠲᠣᠰᠬᠤᠨ ᠤ ᠡᠶ᠎ᠡ ᠵᠣᠬᠢᠴᠠᠩᠭᠤᠢ ᠪᠤᠰᠤ᠂ ᠲᠣᠭᠲᠠᠭᠤᠨ ᠪᠤᠰᠤ ᠬᠦᠴᠦᠨ ᠵᠦᠢᠯ ᠪᠣᠯᠤᠨ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠤᠨ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠤᠨ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠢ ᠰᠢᠭᠤᠢ ᠡᠪᠡᠰᠦ ᠪᠡᠯᠴᠢᠭᠡᠷ᠂ ᠭᠠᠵᠠᠷ ᠰᠢᠷᠣᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠬᠦᠷᠢᠶᠡᠨ ᠤ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢᠨ᠎ᠡ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠡᠨᠧᠷᠭᠢ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠳᠠᠷᠤᠭᠠᠰᠤ ᠶᠢ ᠬᠥᠩᠭᠡᠷᠡᠭᠦᠯᠬᠦ︾ ᠪᠠ ︽ᠡᠨᠧᠷᠭᠢ ᠣᠯᠭᠤᠬᠤ︾ ᠬᠤᠶᠠᠷ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠰᠢᠯᠭᠠᠵᠤ ᠲᠡᠰ ᠲᠣᠭᠲᠠᠭᠠᠬᠤ ᠰᠢᠰᠲ᠋ᠧᠮ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ︽ᠪᠢᠴᠢᠬᠠᠨ ᠮᠣᠷᠢ ᠪᠠᠷ ᠲᠣᠮᠣ ᠲᠡᠷᠭᠡ ᠲᠠᠲᠠᠬᠤ︾ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠨ ᠱᠠᠲᠤᠨ ᠤ ᠬᠦᠯᠢᠶᠡᠰᠦ ᠶᠢ ᠦᠨᠡᠨᠬᠦ ᠰᠤᠯᠠᠷᠠᠭᠤᠯᠵᠤ᠂ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠦᠨᠳᠦᠰᠦᠨ ᠱᠠᠲᠤᠨ ᠤ ᠺᠠᠳ᠋ᠷ ᠢ ᠬᠦᠩᠭᠡᠪᠴᠢᠯᠡᠵᠦ ᠪᠠᠶᠢᠯᠳᠤᠭᠠᠨ ᠳᠤ ᠣᠷᠣᠯᠴᠠᠭᠤᠯᠵᠤ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠷᠭᠠᠵᠤ ᠤᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃    ᠬᠤᠷᠠᠯ ᠤᠨ ᠳᠠᠷᠠᠭ᠎ᠠ᠂ ᠸᠠᠩ ᠰᠢᠶᠤᠤ ᠫᠢᠩ ᠽᠠᠨᠳᠠᠨᠵᠤᠤ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠠᠢ ᠨᠢᠭᠡᠳ ᠨᠢᠭᠡ ᠪᠠᠷ ᠲᠤᠰᠠᠭᠠᠷ ᠶᠠᠷᠢᠯᠴᠠᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ︔ ᠬᠡᠰᠡᠭ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠲᠠᠢ ᠲᠤᠰᠠᠭᠠᠷ ᠶᠠᠷᠢᠯᠴᠠᠭ᠎ᠠ ᠥᠷᠨᠢᠭᠦᠯᠵᠦ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠶᠢᠨ ᠰᠤᠮᠤᠨ ᠤ ᠤᠳᠤᠷᠢᠳᠬᠤ ᠺᠠᠳ᠋ᠷ ᠤᠨ ᠲᠤᠬᠠᠶ ᠦᠨᠡᠯᠡᠯᠲᠡ ᠪᠠ ᠲᠠᠨᠢᠯᠴᠠᠭᠤᠯᠭ᠎ᠠ ᠶᠢᠨ ᠰᠠᠨᠠᠯ ᠢ ᠥᠷᠭᠡᠨ ᠢᠶᠠᠷ ᠰᠣᠨᠣᠰᠪᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ