ᠮᠠᠨ ᠤ ᠣᠷᠣᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠰᠢᠯᠢᠳᠡᠭᠵᠢᠭᠦᠯᠵᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠵᠢᠨ‌ᠮᠥ᠋ᠩᠭᠦᠨ ᠤ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠵᠤ ᠪᠣᠢ
ᠨᠡᠶᠢᠲᠡᠯᠡᠭᠰᠡᠨ ᠴᠠᠭ᠄
2024/12/4
      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠤᠭ ᠤᠨ ᠥᠨᠳᠥᠷ ᠵᠢᠭᠡᠯᠡᠯᠭᠡ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠬᠤᠪᠢ ᠬᠦᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠭᠠᠷᠭᠠᠨ ᠠᠪᠴᠤ ᠰᠢᠨ᠎ᠡ ᠪᠠᠷ ᠪᠠᠶᠢᠭᠤᠯᠵᠤ ᠤᠷᠢᠳᠴᠢᠯᠠᠨ ᠪᠣᠷᠤᠯᠠᠭᠤᠯᠬᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠮᠦᠩᠭᠦ ᠪᠠᠷ ᠲᠦᠯᠦᠬᠦ᠂ ︽ᠬᠤᠳᠠᠯᠳᠤᠭᠠᠨ ᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠲᠡᠶᠢᠰᠢ ᠰᠢᠯᠵᠢᠭᠦᠯᠬᠦ︾᠂ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ + ᠬᠤᠳᠠᠯᠳᠤᠭᠠᠨ ᠤ ᠵᠢᠭᠡᠯᠡᠯᠭᠡ︾ ᠶᠢ ᠬᠡᠷᠡᠭᠵᠢᠭᠦᠯᠬᠦ ᠵᠡᠷᠭᠡ ᠬᠠᠮ ᠵᠢᠭᠡᠯᠡᠯᠭᠡ ᠨᠦᠭᠦᠳ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠭᠡᠷ ᠪᠠᠶᠢᠰᠢᠩ ᠬᠤᠳᠠᠯᠳᠤᠨ ᠠᠪᠤᠭᠰᠠᠳ ᠲᠤ ᠨᠡᠩ ᠣᠯᠠᠨ ᠳᠡᠮᠵᠢᠯᠭᠡ ᠪᠠ ᠳᠦᠭᠦᠮ ᠦᠵᠡᠭᠦᠯᠦᠨ᠎ᠡ᠃ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠤᠷᠰᠢᠯᠲᠠ ᠶᠢᠨ ᠴᠡᠭ ᠲᠤ ᠣᠷᠣᠯᠴᠠᠬᠤ ᠶᠢ ᠯᠠᠪᠳᠠᠭᠤᠨ ᠢᠶᠠᠷ ᠠᠬᠢᠭᠤᠯᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠯᠭᠠᠵᠤ᠂ ᠲᠤᠰᠢᠶᠠᠵᠤ ᠳᠡᠶᠢᠯᠬᠦ ᠶᠢ ᠨᠢ ᠪᠦᠬᠦᠨ ᠢ ᠲᠤᠰᠢᠶᠠᠯᠭᠠᠬᠤ ᠶᠢ ᠪᠡᠶᠡᠯᠡᠭᠦᠯᠦᠨ᠎ᠡ᠃ ︽ᠬᠥᠮᠦᠨ ᠠᠴᠠ ᠰᠢᠯᠲᠠᠭᠠᠯᠠᠭᠳᠠᠬᠤ ᠪᠠ ᠬᠡᠷ ᠪᠠᠶᠢᠰᠢᠩ ᠠᠴᠠ ᠰᠢᠯᠲᠠᠭᠠᠯᠠᠭᠳᠠᠬᠤ︾ ᠲᠦᠷᠢᠶᠡᠰᠦᠨ ᠬᠡᠷ ᠲᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠣᠨᠣᠪᠴᠢᠯᠠᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ᠂ ᠬᠥᠯᠥᠰᠥᠨ ᠠᠵᠢᠯᠴᠢᠨ ᠵᠡᠷᠭᠡ ᠬᠥᠮᠦᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠣᠷᠣᠨ ᠰᠠᠭᠤᠴᠠ ᠳᠦᠷᠢᠶᠡᠰᠦᠯᠡᠵᠦ ᠠᠮᠤᠭᠤᠯᠠᠩ ᠰᠠᠭᠤᠷᠢᠰᠢᠬᠤ ᠶᠢ ᠭᠤᠤᠯᠳᠠᠯᠭ᠎ᠠ ᠲᠠᠢ ᠳᠡᠮᠵᠢᠨ᠎ᠡ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠤᠰᠢᠶᠠᠨ ᠬᠠᠳᠠᠭᠠᠯᠠᠭᠤᠯᠤᠭᠰᠠᠨ ᠶᠡᠷᠦᠩᠬᠡᠶ ᠵᠤᠭᠤᠰᠤᠨ ᠲᠤᠭ᠎ᠠ 5676.56 ᠳ᠋ᠦᠩᠰᠢᠭᠤᠷ ᠲᠥᠭᠦᠷᠢᠭ᠂ ᠲᠤᠰᠢᠶᠠᠨ ᠬᠠᠳᠠᠭᠠᠯᠠᠭᠤᠯᠤᠭᠰᠠᠨ ᠦᠯᠡᠳᠡᠪᠦᠷᠢ ᠵᠤᠭᠤᠰᠤᠨ ᠲᠤᠭ᠎ᠠ 2202.06 ᠳ᠋ᠦᠩᠰᠢᠭᠤᠷ ᠲᠥᠭᠦᠷᠢᠭ᠂ ᠭᠠᠷᠭᠠᠨ ᠠᠪᠤᠭᠰᠠᠨ ᠶᠡᠷᠦᠩᠬᠡᠶ ᠵᠤᠭᠤᠰᠤᠨ ᠲᠤᠭ᠎ᠠ 3474.5 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠶᠡᠷᠦᠩᠬᠡᠶ ᠵᠤᠭᠤᠰᠤᠨ ᠲᠤᠭ᠎ᠠ 3365.51 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ ᠵᠤᠭᠤᠰᠤᠨ ᠲᠤᠭ᠎ᠠ 1342.88 ᠳ᠋ᠦᠩᠰᠢᠭᠤᠷ ᠲᠥᠭᠦᠷᠢᠭ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠦᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠨᠣᠷᠮ᠎ᠠ 60.98% ᠳᠤ ᠬᠦᠷᠦᠭᠰᠡᠨ ᠪᠠᠶᠢᠨ᠎ᠠ ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ