ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 ᠳ᠋ᠤᠭᠠᠷ ᠰᠠᠷ᠎ᠠ ᠶᠢᠨ 2 ᠤᠨ ᠡᠳᠦᠷ ᠠᠴᠠ | ᠡᠬᠢᠯᠡᠨ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ ᠡᠯᠧᠺᠲᠷᠣᠨᠴᠢᠯᠠᠯᠲᠠ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ | ᠪᠦᠬᠦᠢ ᠲᠤᠰᠬᠠᠢ ᠣᠷᠣᠨ ᠤ ᠳᠡᠰ ᠤᠨ ᠬᠤᠲᠠ ᠶᠢᠨ ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ 12123︾ APP ᠢᠶᠠᠷ ᠵᠠᠮᠨᠠᠬᠤ | ᠡᠯᠧᠺᠲᠷᠣᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃ | ᠵᠠᠮᠨᠠᠬᠤ ᠡᠯᠧᠺᠲᠷᠣᠨ ᠦᠨᠡᠮᠯᠡᠯ ᠢ ᠤᠷᠤᠭᠰᠢᠲᠠᠶ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠰᠡᠳᠦᠪ ᠢᠶᠠᠷ ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠦᠯ ᠲᠣᠭᠲᠠᠭᠠᠨ᠂ | ᠰᠢᠰᠲ᠋ᠧᠮ ᠢ ᠵᠣᠬᠢᠶᠠᠨ ᠪᠠᠶᠢᠭᠤᠯᠵᠤ ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠥᠰᠦᠯ ᠢ ᠨᠠᠷᠢᠯᠢᠬᠵᠢᠭᠤᠯᠤᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ | 8600 ᠭᠠᠷᠤᠶ ᠲᠦᠮᠡᠨ ᠲᠡᠷᠭᠡᠨ ᠤ ᠡᠵᠡᠳ ᠲᠤ ᠵᠠᠮᠨᠠᠬᠤ ᠡᠯᠧᠺᠲᠷᠣᠨ ᠦᠨᠡᠮᠯᠡᠯ ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ ︽ᠦᠨᠡᠮᠯᠡᠯ ᠭᠠᠷᠳᠠᠭᠤᠯᠬᠤ︾ | ︽ᠺᠣᠳ᠋ ᠢ ᠨᠢ ᠦᠵᠡᠭᠦᠯᠬᠦ︾ ᠦᠢᠯᠡᠴᠢᠯᠡᠭᠡ ᠬᠠᠩᠭᠠᠪᠠ᠃ | ᠵᠠᠮᠨᠠᠬᠤ ᠡᠯᠧᠺᠲᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄ | ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ 12123︾ | APP ᠠᠴᠠ ᠵᠠᠮᠨᠠᠬᠤ ᠡᠯᠧᠺᠲᠷᠣᠨ ᠦᠨᠡᠮᠯᠡᠯ ᠢ ᠰᠢᠭᠤᠳ ᠭᠤᠶᠤᠴᠢᠯᠠᠨ ᠠᠪᠴᠤ ᠪᠣᠯᠤᠨ᠎ᠠ᠃ ᠵᠠᠮᠨᠠᠬᠤ ᠡᠯᠧᠺᠲᠷᠣᠨ ᠦᠨᠡᠮᠯᠡᠯ ᠤᠨ ᠦᠯᠢᠭᠡᠷ ᠬᠡᠪ ᠨᠢ ᠪᠥᠬᠦ | ᠤᠯᠤᠰ ᠲᠤ ᠨᠢᠭᠡᠳᠦᠯᠲᠡᠶ ᠪᠠᠶᠢᠵᠤ᠂ ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ ᠰᠢᠢᠳᠪᠦᠷᠢᠯᠡᠭᠦᠯᠬᠦ᠂ ᠠᠳᠡᠯ ᠢ | ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠦᠵᠡᠭᠦᠯᠦᠨ ᠬᠡᠷᠡᠭᠯᠡᠵᠦ | ᠪᠣᠯᠣᠨ᠎ᠠ᠂ ᠮᠠᠰᠢᠨ ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠦᠨ ᠳᠤ ᠨᠠᠶᠢᠳᠠᠵᠤ ᠲᠤᠬᠠᠶᠢᠯᠠᠭᠰᠠᠨ ᠠᠵᠢᠯ ᠢ | ᠣᠷᠣᠯᠠᠨ ᠭᠦᠢᠴᠡᠳᠬᠡᠬᠦ ᠳᠤ ᠳᠥᠭᠦᠮᠯᠡᠪᠡ᠃ ᠡᠭᠦᠨ ᠤ ᠬᠠᠮᠲᠤ᠂ ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ ᠲᠥᠯᠥᠪᠦᠷᠢ | ᠵᠡᠷᠭᠡ ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠤᠨ᠎ᠠ᠃ | ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠲᠷᠣᠨ ᠦᠨᠡᠮᠯᠡᠯ ᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ | ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠶ ᠪᠠᠷ | ᠢᠯᠡᠷᠡᠭᠦᠯᠵᠦ᠂ ᠴᠠᠭ ᠲᠤᠬᠠᠶ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠶ ᠳᠤ ᠨᠢ ᠭᠠᠷᠭᠠᠨ ᠦᠵᠡᠭᠦᠯᠬᠦ᠂ ᠴᠠᠭ ᠲᠤᠬᠠᠶ ᠳᠤ ᠨᠢ ᠬᠢᠨᠠᠨ ᠰᠢᠯᠭᠠᠬᠤ ᠳᠤ | ᠳᠥᠭᠦᠮᠯᠡᠵᠦ᠂ ᠲᠡᠷᠭᠡ ᠬᠥᠰᠬᠡ ᠶᠢ ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ ᠳᠥᠭᠦᠮᠯᠡᠪᠡ᠃ | ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠲᠷᠣᠨ ᠦᠨᠡᠮᠯᠡᠯ ᠨᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠡᠬᠢ ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ | ᠳᠠᠮᠵᠢᠭᠤᠯᠤᠨ᠂ ᠭᠠᠷ ᠤᠨ ᠦᠰᠦᠭ ᠤᠨ ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ ᠬᠠᠭᠤᠷᠮᠠᠭ ᠢᠶᠠᠷ | ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ᠂ ᠵᠠᠮᠨᠠᠬᠤ ᠡᠯᠧᠺᠲᠷᠣᠨ ᠦᠨᠡᠮᠯᠡᠯ ᠤᠨ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠪᠠᠲᠤᠯᠠᠨ᠂ ᠭᠠᠷ | ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠶ ᠲᠠᠯᠠᠪᠠᠶ ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ | ᠬᠥᠳᠡᠯᠦᠩᠭᠦᠶ ᠬᠤᠶᠠᠷ ᠬᠡᠮᠵᠢᠯᠳᠦ ᠺᠣᠳ᠋᠂ ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠦᠨ ᠭᠡᠷᠡᠴᠢᠯᠡᠬᠦ ᠵᠡᠷᠭᠡ ᠮᠡᠷᠭᠡᠵᠢᠯ ᠢ | ᠬᠡᠷᠡᠭᠯᠡᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ᠃ | ᠲᠣᠳᠣᠷᠬᠠᠶᠢᠯᠠᠬᠤ ᠴᠢᠬᠤᠯᠠᠲᠠᠶ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠶᠣᠰᠣᠭᠠᠷ᠂ ᠵᠠᠮᠨᠠᠬᠤ ᠦᠨᠡᠮᠯᠡᠯ ᠤᠨ ᠴᠠᠭᠠᠰᠤᠨ | ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ︔ ᠵᠠᠮᠨᠠᠬᠤ ᠡᠯᠧᠺᠲᠷᠣᠨ ᠦᠨᠡᠮᠯᠡᠯ ᠢ ᠭᠤᠤᠯᠳᠠᠭᠤ ᠬᠠᠮᠢᠶ᠎ᠠ ᠪᠥᠬᠦᠶ ᠴᠣᠩᠬᠤᠪᠴᠢ ᠶᠢᠨ ᠲᠤᠬᠠᠶᠢᠯᠠᠭᠰᠠᠨ | ᠠᠵᠢᠯ ᠢ ᠭᠦᠢᠴᠡᠳᠬᠡᠬᠦ ᠳᠤ ᠬᠡᠷᠡᠭᠯᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ ᠭᠠᠷᠭᠠᠭᠰᠠᠨ ᠠᠴᠠ ᠨᠠᠭᠠᠰᠢ᠂ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ | ᠲᠦᠮᠡᠨ ᠤ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃ | |