ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠶ᠎ᠡ | — ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ | | ᠬᠥᠭᠡᠭᠡᠴᠡᠯᠳᠦᠵᠦ ᠪᠠᠶᠢᠭ᠎ᠠ ᠨᠢ ᠬᠥᠭᠵᠢᠯᠲᠡ᠂ ᠡᠷᠬᠢᠮᠯᠡᠵᠦ ᠪᠠᠶᠢᠭ᠎ᠠ ᠨᠢ ᠬᠠᠮᠲᠤ ᠶᠢᠨ ᠢᠯᠠᠯᠲᠠ᠂ ᠳᠠᠮᠵᠢᠭᠤᠯᠵᠤ ᠪᠠᠶᠢᠭ᠎ᠠ ᠨᠢ ᠢᠲᠡᠭᠡᠯ ᠪᠣᠯᠣᠨ᠎ᠠ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠳᠠᠪᠰᠢᠯᠲᠠ ᠶᠢᠨ ᠯᠣᠭᠢᠭ ᠲᠤ | ᠨᠡᠶᠢᠴᠡᠨ᠎ᠡ᠃ | 12 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠤᠯᠤᠭᠰᠠᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ | ᠲᠥᠯᠥᠪᠯᠡᠬᠦ ᠦᠨᠳᠦᠷᠴᠡ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠣᠯᠤᠭᠰᠠᠨ ᠴᠢᠬᠤᠯᠠ ᠶᠡᠭᠡ ᠠᠮᠵᠢᠯᠲᠠ ᠶᠢ ᠭᠦᠢᠴᠡᠳ | ᠨᠤᠲᠠᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ︽ᠪᠢᠳᠡ ᠪᠠᠶᠢᠯᠳᠤᠬᠤ ᠪᠤᠳᠤᠯᠭ᠎ᠠ ᠶᠢᠨ ᠢᠲᠡᠭᠡᠯ ᠢᠶᠠᠨ ᠪᠠᠲᠤᠳᠬᠠᠵᠤ᠂ | ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︿ᠨᠢᠭᠡ | ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ︾ ᠭᠡᠵᠦ ᠴᠢᠬᠤᠯᠠᠴᠢᠯᠠᠪᠠ᠃ | 2013 ᠣᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠡᠭᠦᠳᠦᠯᠲᠡ ᠶᠢᠨ ᠴᠢᠨᠠᠷᠲᠠᠢ | ᠳᠤᠷᠠᠳᠤᠭᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠵᠠᠷᠴᠢᠮ ᠣᠨᠣᠯᠵᠢᠬᠤᠨ᠂ ᠬᠠᠷᠠᠯᠲᠠ ᠡᠭᠦᠷᠭᠡ᠂ ᠠᠷᠭ᠎ᠠ ᠵᠠᠮ ᠵᠡᠷᠭᠡ ᠶᠢᠨ ᠲᠤᠬᠠᠢ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ᠂ ︽ᠨᠢᠭᠡ ᠪᠦᠰᠡ ᠨᠢᠭᠡ ᠵᠠᠮ︾ ᠤᠨ ᠬᠠᠮᠲᠤ ᠪᠠᠷ ᠪᠦᠳᠦᠭᠡᠨ ᠪᠠᠶᠢᠭᠤᠯᠬᠤ ᠶᠢ ᠬᠦᠨᠵᠡᠭᠡᠶᠢᠷᠡᠭᠦᠯᠦᠨ ᠪᠣᠲᠠᠲᠠᠶᠢᠵᠢᠭᠤᠯᠬᠤ ᠲᠡᠶᠢᠰᠢ | ᠬᠦᠳᠦᠯᠦᠨ ᠵᠢᠯᠣᠭᠤᠳᠪᠠ᠃ 11 ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠡᠩᠬᠡ ᠲᠠᠶᠢᠪᠤᠩ | ᠬᠠᠮᠲᠤᠷᠠᠯᠴᠠᠭ᠎ᠠ᠂ ᠨᠡᠭᠡᠭᠡᠯᠲᠡᠲᠦ ᠪᠠᠭᠲᠠᠭᠠᠮᠵᠢᠲᠠᠢ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠢᠯᠠᠬᠤ ᠲᠣᠷᠭᠠᠨ | ᠵᠠᠮ ᠤᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠬᠦᠷᠲᠡᠬᠦ ᠵᠠᠷᠴᠢᠮ ᠢ ᠢᠮᠠᠭᠲᠠ | ᠪᠠᠷᠢᠮᠲᠠᠯᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠬᠠᠮᠲᠤᠷᠠᠯᠴᠠᠭᠠᠨ ᠤ ᠬᠡᠪᠴᠢᠶ᠎ᠡ ᠪᠠᠨ ᠲᠠᠰᠤᠷᠠᠯᠲᠠ ᠦᠭᠡᠢ ᠶᠡᠬᠡᠰᠬᠡᠵᠦ᠂ | ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠯᠡᠬᠡᠢ ᠨᠡᠶᠢᠲᠡ ᠶᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ | ᠨᠢᠭᠲᠠᠷᠠᠭᠤᠯᠬᠤ ᠬᠦᠴᠦᠨ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠬᠢᠵᠦ ᠡᠬᠢᠯᠡᠭᠰᠡᠨ ᠤ ᠲᠠᠷᠠᠭ᠎ᠠ | ᠳᠤᠷᠠᠳᠤᠭᠰᠠᠨ ᠠᠩᠬᠠᠳᠠᠭᠴᠢ ᠪᠦᠬᠦ ᠪᠥᠮᠪᠥᠷᠴᠡᠭ ᠤᠨ ᠴᠢᠨᠠᠷᠲᠠᠢ᠂ ᠦᠷᠭᠡᠨ ᠬᠡᠪᠴᠢᠶᠡᠨ ᠤ᠂ ᠪᠦᠬᠦ ᠲᠠᠯ᠎ᠠ ᠶᠢᠨ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ ᠨᠢᠭᠡᠨᠲᠡ ᠪᠦᠬᠦ | ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠦᠷᠢᠶ᠎ᠡ ᠪᠠᠷ ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ ᠪᠠᠶᠢᠭ᠎ᠠ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭᠠᠨ ᠤ ᠲᠠᠪᠴᠠᠩ ᠪᠤᠯᠵᠤ᠂ ᠤᠯᠤᠰ ᠯᠤᠭ᠎ᠠ ᠶᠢᠨ ᠨᠥᠬᠦᠷᠯᠡᠯ ᠢ ᠵᠤᠵᠠᠭᠠᠳᠬᠠᠵᠤ᠂ ᠤᠯᠤᠰ ᠯᠤᠭ᠎ᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠬᠠᠮᠲᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠭᠠᠷᠭᠠᠪᠠ᠃ | ᠠᠷᠪᠠᠨ ᠨᠢᠭᠡᠨ ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠨᠢ ᠳᠤᠮᠳᠠᠳᠤ ᠤᠯᠤᠰ ᠤᠨ ᠣᠨᠴᠠᠯᠢᠭ ᠲᠠᠢ | ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠪᠣᠶ ᠪᠣᠯᠭᠠᠵᠤ᠂ ᠥᠨᠳᠥᠷ ᠲᠦᠪᠰᠢᠨ | ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ᠃ ᠪᠢᠳᠡ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠣᠯᠭᠠᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ | ᠪᠠᠶᠢᠭᠤᠯᠬᠤ ᠶᠢ ᠠᠬᠢᠭᠤᠯᠵᠤ᠂ ᠣᠯᠠᠩᠬᠢ ᠤᠯᠤᠰ ᠪᠠ ᠭᠠᠵᠠᠷ ᠣᠷᠣᠨ ᠯᠤᠭ᠎ᠠ ᠬᠤᠶᠠᠷ ᠲᠠᠯ᠎ᠠ ᠵᠢᠴᠢ ᠣᠷᠣᠨ ᠪᠦᠰᠡ ᠶᠢᠨ ᠴᠢᠨᠠᠷᠲᠠᠢ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠪᠠ᠃ 150 ᠭᠠᠷᠤᠢ ᠤᠯᠤᠰ᠂ 30 ᠭᠠᠷᠤᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠬᠠᠮᠲᠤᠷᠠᠯᠴᠠᠬᠤ ᠬᠠᠨᠢᠲᠠᠳ ᠤᠨ ᠬᠠᠷᠢᠯᠴᠠᠭᠠᠨ ᠤ ᠲᠣᠣᠷ ᠢᠶᠠᠨ | ᠲᠠᠰᠤᠷᠠᠯᠲᠠ ᠦᠭᠡᠢ ᠥᠷᠭᠡᠳᠭᠡᠪᠠ᠃ ᠣᠷᠣᠨ ᠪᠦᠰᠡ ᠶᠢᠨ ᠨᠡᠭᠡᠭᠡᠯᠲᠡ ᠶᠢ ᠭᠦᠨᠵᠡᠭᠡᠶ ᠠᠬᠢᠭᠤᠯᠵᠤ᠂ ᠣᠷᠣᠨ ᠪᠦᠰᠡ ᠶᠢᠨ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ | ᠬᠦᠴᠦᠯᠡᠨ ᠰᠢᠯᠢᠳᠡᠭᠵᠢᠭᠦᠯᠵᠦ᠂ ᠲᠡᠯᠡᠶ ᠳᠠᠭᠠᠤ ᠣᠷᠣᠨ ᠢᠶᠠᠷ ᠨᠡᠭᠡᠭᠡᠯᠲᠡ ᠬᠢᠬᠦ ᠬᠢᠭᠡᠳ ᠳᠣᠲᠣᠭᠠᠳᠤ ᠬᠠᠭᠤᠷᠠᠶ ᠶᠢᠨ ᠬᠢᠯᠢ ᠳᠠᠭᠠᠤ ᠨᠡᠭᠡᠭᠡᠯᠲᠡ ᠬᠢᠬᠦ ᠶᠢ ᠬᠠᠷᠢᠯᠴᠠᠨ | ᠠᠬᠢᠭᠤᠯᠵᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠂ ᠳᠣᠲᠣᠭᠠᠳᠤ ᠬᠠᠭᠤᠷᠠᠶ ᠶᠢᠨ ᠪᠠ ᠳᠠᠯᠠᠢ ᠳᠠᠭᠠᠤ ᠶᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠯᠪᠣᠭᠠᠯᠠᠨ ᠬᠥᠳᠡᠯᠦᠯᠴᠡᠭᠰᠡᠨ᠂ ᠵᠡᠭᠦᠨᠰᠢ ᠪᠠᠷᠠᠭᠤᠨᠰᠢ ᠬᠤᠤᠰ ᠴᠢᠭᠯᠡᠯ ᠢᠶᠠᠷ ᠲᠤᠰᠠᠯᠠᠯᠴᠠᠭᠰᠠᠨ ᠪᠥᠬᠦ ᠲᠠᠯ᠎ᠠ ᠪᠠᠷ ᠨᠡᠭᠡᠭᠡᠯᠲᠡ ᠬᠢᠬᠦ ᠲᠥᠯᠥᠪ ᠪᠠᠶᠢᠳᠠᠯ ᠢ ᠪᠣᠶ | ᠪᠣᠯᠭᠠᠪᠠ᠃ 30 ᠤᠯᠤᠰ ᠪᠠ ᠭᠠᠵᠠᠷ ᠣᠷᠣᠨ ᠯᠤᠭ᠎ᠠ ᠴᠢᠯᠥᠭᠡᠲᠦ ᠠᠷᠠᠯᠵᠢᠶᠠᠨ ᠤ 23 ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠪᠦᠬᠦ | ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶ᠎ᠠ ᠲᠠᠢ ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠯᠠᠪᠳᠠᠭᠤᠨ ᠢᠶᠠᠷ ᠥᠷᠭᠡᠳᠬᠡᠬᠦ ᠬᠦᠷᠲᠡᠯ᠎ᠡ᠂ | ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢᠨ ᠨᠠᠵᠠᠭᠠᠢ ᠵᠦᠢᠯᠡᠰ ᠤᠨ ᠨᠠᠷᠢᠨ ᠲᠠᠩᠰᠠ ᠶᠢ ᠦᠷᠭᠦᠯᠵᠢᠯᠡᠨ ᠪᠠᠭᠠᠰᠬᠠᠬᠤ ᠠᠴᠠ ᠳᠤᠮᠳᠠᠳᠤ ᠤᠯᠤᠰ ᠯᠤᠭ᠎ᠠ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠳ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠠᠴᠠ | ᠪᠣᠭᠤᠮᠲᠠ ᠶᠢᠨ ᠭᠠᠶᠢᠯᠢ ᠬᠡᠯᠲᠦᠷᠢᠭᠦᠯᠬᠦ ᠬᠠᠷᠠᠭᠠᠯᠵᠠᠯ ᠣᠯᠭᠤᠬᠤ ᠬᠦᠷᠲᠡᠯ᠎ᠡ ᠁ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠷ | ᠳᠠᠮᠵᠢᠭᠤᠯᠤᠨ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ ᠡᠭᠦᠳᠡ ᠶᠠᠪᠤᠬᠤ ᠲᠤᠲᠤᠮ ᠶᠡᠬᠡᠰᠴᠦ᠂ ᠨᠡᠭᠡᠭᠡᠯᠲᠡ ᠪᠠ ᠬᠥᠭᠵᠢᠯᠲᠡ ᠳᠤ ᠲᠠᠰᠤᠷᠠᠯᠲᠠ ᠦᠭᠡᠢ | ᠰᠢᠨ᠎ᠡ ᠣᠷᠣᠨ ᠵᠠᠢ ᠶᠢ ᠡᠭᠦᠳᠪᠡ᠃ | | | | ᠺᠠᠮᠪᠤᠵᠠ ᠶᠢᠨ ᠺᠠᠮᠫᠣᠩ ᠰᠫᠧᠦ᠋ ᠮᠤᠵᠢ ᠳᠤ ᠰᠡᠭᠦᠳᠡᠷᠯᠡᠭᠰᠡᠨ ᠶᠢᠨ ᠭᠠᠩ ᠲᠦᠷᠭᠡᠨ ᠤ ᠵᠠᠰᠠᠮᠠᠯ ᠵᠠᠮ ᠃ ᠰᠢᠨᠬᠤᠸᠠ ᠬᠤᠷᠢᠶ᠎ᠠ ᠨᠡᠶᠢᠲᠡᠯᠡᠪᠡ ︵ᠺᠠᠮᠪᠤᠵᠠ ᠶᠢᠨ | ᠶᠢᠨ ᠭᠠᠩ ᠲᠦᠷᠭᠡᠨ ᠤ ᠵᠠᠮ ᠤᠨ ᠬᠢᠵᠠᠭᠠᠷᠲᠤ ᠺᠣᠮᠫᠠᠨᠢ ᠶᠢᠨ ᠬᠠᠩᠭᠠᠭᠰᠠᠨ ᠵᠢᠷᠤᠭ︶ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠡᠭᠦᠰᠦᠯ ᠲᠠᠢ᠂ ᠬᠠᠷᠢᠨ ᠲᠡᠭᠦᠨ ᠤ ᠦᠷ᠎ᠡ ᠪᠦᠲᠦᠭᠡᠯ | ᠪᠠ ᠠᠵᠠ ᠲᠣᠬᠢᠶᠠᠯ ᠨᠢ ᠳᠡᠯᠡᠬᠡᠢ ᠨᠡᠶᠢᠲᠡ ᠶᠢᠨ ᠬᠢ ᠶᠤᠮ᠂ 11 ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ | ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠭᠡᠭᠡᠨ ᠰᠠᠷᠠᠭᠤᠯ ᠢᠷᠡᠭᠡᠳᠦᠢ ᠲᠠᠢ ᠬᠥᠮᠥᠨ ᠤ ᠶᠢᠷᠲᠢᠨᠴᠦ ᠶᠢᠨ ᠵᠥᠪ ᠵᠠᠮ ᠢ ᠨᠡᠭᠡᠭᠡᠵᠦ᠂ | ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭ᠎ᠠ ᠶᠢᠨ ᠬᠤᠪᠢᠰᠤᠯᠲᠠ ᠶᠢ ᠠᠬᠢᠭᠤᠯᠬᠤ ᠳᠤ ᠵᠥᠪ ᠣᠨᠣᠪᠴᠢᠲᠠᠢ ᠤᠷᠤᠭᠰᠢᠯᠠᠬᠤ ᠴᠢᠭᠯᠡᠯ ᠲᠡᠶᠢᠰᠢ ᠬᠥᠲᠥᠯᠥᠨ | ᠳᠠᠭᠠᠭᠤᠯᠵᠠᠢ᠃ ᠪᠢᠳᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠭᠤᠣᠯ ᠰᠢᠵᠢᠮ ᠪᠣᠯᠭᠠᠨ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ | ᠲᠦᠷᠦᠯ ᠵᠦᠢᠯ ᠬᠢᠭᠡᠳ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠵᠢᠵᠢᠭ ᠪᠣᠯᠪᠠᠴᠤ ᠭᠤᠶᠢᠳᠠ︾ ᠲᠦᠷᠦᠯ ᠵᠦᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢ | ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠰᠠᠶᠢᠵᠢᠷᠠᠭᠤᠯᠬᠤ ᠳᠤ ᠴᠢᠬᠤᠯᠠ ᠬᠤᠪᠢ ᠨᠡᠮᠡᠷᠢ ᠭᠠᠷᠭᠠᠵᠠᠢ᠃ ᠶᠠᠺᠠᠷᠲ᠋ᠠ — ᠪᠠᠨᠳᠤᠩ ᠲᠦᠷᠭᠡᠨ ᠤ ᠲᠡᠮᠦᠷ ᠵᠠᠮ ᠨᠢ ᠵᠡᠭᠦᠨ ᠡᠮᠦᠨᠡᠲᠦ ᠠᠽᠢᠶ᠎ᠠ ᠳᠤ ᠲᠦᠷᠭᠡᠨ ᠤ | ᠲᠡᠮᠦᠷ ᠵᠠᠮ ᠲᠠᠢ ᠪᠣᠯᠭᠠᠵᠤ᠂ ᠳᠤᠮᠳᠠᠳᠤ ᠯᠠᠤᠰ ᠤᠨ ᠲᠡᠮᠦᠷ ᠵᠠᠮ ᠨᠢ ᠯᠠᠤᠰ ᠢ ︽ᠡᠬᠡ ᠬᠠᠭᠤᠷᠠᠢ ᠶᠢᠨ ᠲᠦᠭᠵᠢᠮᠡᠯ ᠤᠯᠤᠰ︾ ᠪᠠᠶᠢᠭᠰᠠᠨ ᠠᠴᠠ ᠨᠢ ︽ᠡᠬᠡ | ᠬᠠᠭᠤᠷᠠᠢ ᠶᠢᠨ ᠬᠤᠯᠪᠣᠭᠠᠲᠤ ᠤᠯᠤᠰ︾ ᠪᠣᠯᠬᠤ ᠳᠤ ᠬᠦᠴᠦᠨ ᠨᠡᠮᠡᠷᠢᠯᠡᠪᠡ᠂ ᠴᠢᠶᠠᠨ ᠺᠠᠢ ᠭᠠᠷᠠᠮ ᠨᠢ ᠡᠮᠦᠨᠡᠲᠦ ᠠᠮᠧᠷᠢᠺᠠ ᠳᠠᠬᠢ ᠠᠩᠬᠠᠳᠠᠭᠴᠢ ᠣᠶᠤᠨᠲᠤ ᠭᠠᠷᠠᠮ | ᠪᠠ ᠪᠣᠬᠢᠷᠲᠤᠯ ᠦᠭᠡᠢ ᠭᠠᠷᠠᠮ ᠪᠣᠯᠪᠠ᠂ ᠮᠤᠮᠪᠠᠰᠠ — ᠨᠠᠶᠢᠷᠤᠪᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠺᠧᠨᠢᠶᠠ ᠳᠤ 5 ᠲᠦᠮᠡ ᠰᠢᠬᠠᠮ ᠠᠵᠢᠯ ᠤᠨ | ᠪᠠᠶᠢᠷᠢ ᠬᠠᠩᠭᠠᠵᠠᠢ ᠁ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠡᠨᠡ ᠬᠦ ︽ᠵᠣᠯ ᠵᠢᠷᠭᠠᠯ ᠤᠨ ᠵᠠᠮ︾ ᠶᠠᠪᠤᠬᠤ | ᠳᠤᠳᠤᠮ ᠥᠷᠭᠡᠵᠢᠵᠦ ᠪᠠᠶᠢᠨ᠎ᠠ᠃ ᠪᠢᠳᠡ ᠬᠡᠬᠦᠳᠡᠭ ᠴᠡᠭᠡᠵᠢᠨ ᠳᠤ ᠪᠠᠨ ᠳᠡᠯᠡᠬᠡᠢ ᠳ᠋ᠠᠬᠢᠨ ᠢ ᠪᠠᠭᠲᠠᠭᠠᠬᠤ ᠶᠢᠷᠲᠢᠨᠴᠦ ᠶᠢᠨ ᠦᠵᠡᠯᠲᠡ ᠶᠢ ᠪᠠᠷᠢᠮᠲᠠᠯᠠᠨ᠂ ᠡᠷᠬᠡ ᠲᠡᠭᠰᠢ | ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠰᠢᠷᠠᠭᠰᠠᠨ᠂ ᠲᠦᠭᠡᠮᠡᠯ ᠠᠰᠢᠭ ᠬᠦᠷᠲᠡᠭᠡᠭᠰᠡᠨ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠠᠬᠢᠭᠤᠯᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠬᠦᠴᠦᠲᠡᠢ | ᠠᠬᠢᠭᠤᠯᠪᠠ᠃ | ᠥᠩᠭᠡᠷᠡᠭᠰᠡᠨ ᠢᠶᠠᠨ ᠳ᠋ᠦᠩᠨᠡᠬᠦ ᠨᠢ ᠢᠷᠡᠭᠡᠳᠦᠢ ᠵᠦᠭ ᠨᠡᠩ ᠰᠠᠶᠢᠨ ᠤᠷᠤᠭᠰᠢᠯᠠᠬᠤ ᠶᠢᠨ ᠲᠥᠯᠥᠭᠡ ᠶᠤᠮ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ ᠳᠡᠯᠡᠬᠡᠢ ᠳ᠋ᠠᠬᠢᠨ ᠯᠤᠭ᠎ᠠ ᠠᠵᠠ ᠲᠣᠬᠢᠶᠠᠯ ᠢ ᠬᠠᠮᠲᠤ ᠪᠠᠷ ᠬᠦᠷᠲᠡᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ | ᠰᠠᠷᠠᠭᠤᠯ ᠳᠠᠷᠳᠠᠩ ᠵᠠᠮ ᠮᠥᠨ᠂ ᠬᠠᠮᠲᠤ ᠪᠠᠷ ᠴᠡᠴᠡᠭᠯᠡᠨ ᠬᠥᠭᠵᠢᠬᠦ ᠠᠵᠠ ᠲᠣᠬᠢᠶᠠᠯ ᠤᠨ ᠵᠠᠮ ᠮᠥᠨ᠂ ᠡᠯ᠎ᠡ ᠤᠯᠤᠰ ᠤᠨ ᠬᠠᠮᠲᠤ ᠪᠠᠷ ᠬᠥᠭᠵᠢᠬᠦ ᠲᠣᠮᠣ ᠲᠠᠪᠴᠠᠩ | ᠮᠥᠨ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠴᠣᠭᠴᠠᠯᠠᠨ᠂ ᠬᠥᠮᠥᠨ | ᠲᠥᠷᠥᠯᠬᠢᠲᠡᠨ ᠤ ᠬᠠᠮᠲᠤ ᠪᠠᠷ ᠬᠥᠭᠵᠢᠬᠦ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠬᠤᠷᠠᠮᠳᠤᠭᠤᠯᠵᠤ ᠪᠠᠶᠢᠬᠤ ᠶᠢ ᠦᠢᠯᠡᠳᠦᠯᠭᠡ ᠭᠦᠢᠴᠡᠳ ᠭᠡᠷᠡᠴᠢᠯᠡᠵᠡᠢ᠃ | ᠡᠨᠡ ᠬᠦ ᠰᠠᠨᠠᠭᠠᠴᠢᠯᠠᠭ᠎ᠠ ᠨᠢ ᠴᠠᠭ ᠤᠨ ᠤᠷᠤᠰᠬᠠᠯ ᠢ ᠲᠠᠭᠠᠵᠦ᠂ ᠠᠷᠠᠳ ᠤᠨ ᠰᠡᠳᠬᠢᠯ ᠢ ᠣᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠳᠡᠯᠡᠬᠡᠢ | ᠳ᠋ᠠᠬᠢᠨ ᠳᠤ ᠠᠰᠢᠭᠲᠠᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ | ᠬᠥᠭᠵᠢᠯᠲᠡ ᠶᠢᠨ ᠢᠷᠡᠭᠡᠳᠦᠢ ᠲᠠᠢ ᠶᠤᠮ᠃ | ᠲᠡᠦᠬᠡ ᠶᠢᠨ ᠶᠡᠭᠡ ᠬᠠᠨᠳᠤᠰᠢ ᠶᠢ ᠠᠮᠵᠢᠨ ᠤᠷᠤᠭᠰᠢᠯᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠨ ᠠᠯᠤᠰ ᠢ ᠵᠣᠷᠢᠨᠠᠮ᠃ ᠣᠳᠣᠬᠠᠨ ᠤ | ᠳᠡᠯᠡᠬᠡᠢ ᠳ᠋ᠠᠬᠢᠨ ᠳᠤ ᠦᠢᠮᠡᠭᠡᠨ ᠰᠠᠮᠠᠭᠤᠨ ᠰᠣᠯᠪᠢᠴᠠᠵᠤ᠂ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ | ᠲᠥᠷᠥᠯᠬᠢᠲᠡᠨ ᠤ ᠨᠡᠶᠢᠭᠡᠮ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠪᠠ᠃ ︽ᠴᠠᠭ ᠤᠨ ᠪᠠᠶᠢᠳᠠᠯ ᠪᠢᠳᠡᠨ ᠳᠤ ᠠᠰᠢᠭᠲᠠᠢ︾ | ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ︽ᠭᠥᠭᠯᠡᠷᠡᠭᠰᠡᠨ ᠡᠭᠦᠯᠡᠰ ᠬᠤᠶᠢᠯᠠᠷᠠᠨ ᠥᠩᠭᠡᠷᠡᠪᠡᠴᠦ ᠲᠠᠶᠢᠪᠤᠭᠤ ᠬᠡᠪ ᠢᠶᠠᠷ ᠢᠶᠠᠨ ᠰᠡᠭᠦᠶᠢᠬᠦ︾ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠨ | ᠡᠷᠡᠰ ᠭᠤᠶᠢᠪᠢᠰᠢ ᠦᠭᠡᠢ ᠠᠬᠢᠭᠤᠯᠪᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ | ᠥᠷᠭᠡᠳᠬᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ | ᠯᠠᠪᠲᠠᠢ ᠪᠤᠢ ᠶᠠ᠃ | | |