12 ᠳ᠋ᠤᠭᠠᠷ ᠰᠠᠷ᠎ᠠ ᠶᠢᠨ 1 ᠤ ᠡᠳᠦᠷ᠂ ᠴᠧᠩ ᠮᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠷᠢᠨᠭᠡᠷ ᠰᠢᠨ᠎ᠡ | ᠲᠣᠭᠤᠷᠢᠭ ᠲᠤ ᠪᠦᠳᠦᠭᠡᠨ ᠪᠠᠶᠢᠭᠤᠯᠤᠭᠰᠠᠨ ᠰᠢᠨ ᠴᠤᠸᠠᠩ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠢ ᠵᠢᠩᠬᠢᠨᠢ ᠪᠠᠷ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠪᠠ᠃ ᠲᠣᠰ ᠦᠢᠯᠡᠳᠪᠦᠷᠢᠯᠡᠯ ᠤᠨ ᠱᠤᠭᠤᠮ ᠪᠣᠯ ᠮᠠᠨ ᠤ ᠣᠷᠣᠨ ᠤ ᠠᠩᠬᠠᠳᠠᠭᠴᠢ ᠰᠢᠨ ᠴᠤᠸᠠᠩ ᠺᠣᠮᠫᠢᠦ᠋ᠲ᠋ᠧᠷ ᠪᠠ ᠦᠢᠯᠡᠴᠢᠯᠡᠭᠦᠷ ᠢ | ᠲᠤᠰᠬᠠᠶᠢᠯᠠᠨ ᠦᠢᠯᠡᠳᠪᠦᠷᠢᠯᠡᠬᠦ ᠳᠤ ᠬᠡᠷᠡᠭᠯᠡᠬᠦ ᠣᠶᠤᠨᠴᠢ ᠪᠠᠷ ᠦᠢᠯᠡᠳᠬᠦ ᠦᠢᠯᠡᠳᠪᠦᠷᠢᠯᠡᠯ ᠤᠨ ᠱᠤᠭᠤᠮ ᠪᠠᠶᠢᠵᠤ᠂ ᠣᠳᠣᠬᠢᠴᠢᠯᠠᠭᠰᠠᠨ ᠰᠢᠨ ᠴᠤᠸᠠᠩ | ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ᠂ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠰᠢᠨ ᠴᠤᠸᠠᠩ ᠺᠣᠮᠫᠢᠦ᠋ᠲ᠋ᠧᠷ ᠤᠨ ᠪᠠᠶᠢᠴᠠᠭᠠᠨ ᠰᠢᠯᠭᠠᠬᠤ ᠲᠥᠪ᠂ | ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠭᠰᠠᠨ ᠰᠤᠳᠤᠯᠤᠨ ᠨᠡᠭᠡᠭᠡᠬᠦ ᠲᠥᠪ ᠵᠢᠴᠢ ᠪᠠᠭᠲᠠᠭᠠᠮᠵᠢᠲᠤ ᠴᠢᠨᠠᠷᠲᠠᠢ ᠪᠠᠷ ᠬᠡᠮᠵᠢᠨ ᠲᠤᠷᠰᠢᠬᠤ ᠶᠢ ᠬᠤᠯᠪᠣᠭᠠᠯᠠᠨ | ᠲᠣᠬᠢᠷᠠᠯᠴᠠᠭᠤᠯᠬᠤ ᠲᠥᠪ ᠢ ᠬᠠᠮᠤᠷᠪᠠ᠃ ᠲᠣᠰ ᠤᠳᠠᠭ᠎ᠠ ᠠᠰᠢᠭᠯᠠᠯᠲᠠ ᠳᠤ ᠣᠷᠣᠭᠤᠯᠤᠭᠰᠠᠨ ᠰᠢᠨ ᠴᠤᠸᠠᠩ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠨᠢ | ᠵᠢᠯ ᠳᠤ 20 ᠲᠦᠮᠡᠨ ᠰᠠᠭᠤᠷᠢ ︽ᠸᠠᠩ ᠯᠦᠩ︾ ᠨᠠᠷᠠᠲᠤ ᠲᠡᠮᠳᠡᠭᠲᠦ ᠶᠢᠨ ᠴᠢᠳᠠᠮᠵᠢ ᠰᠠᠶᠢᠲᠠᠢ ᠰᠢᠨ ᠴᠤᠸᠠᠩ ᠺᠣᠮᠫᠢᠦ᠋ᠲ᠋ᠧᠷ ᠢ ᠦᠢᠯᠡᠳᠪᠦᠷᠢᠯᠡᠵᠦ᠂ ᠵᠢᠱᠢᠯᠲᠡ ᠪᠠᠷ | ᠵᠢᠯ ᠤᠨ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠢ ᠳᠠᠪᠠᠭ᠋ᠤ ᠪᠤᠯᠤᠨ᠎ᠠ᠃ ᠲᠤᠰ ᠰᠠᠭᠤᠷᠢᠨ ᠭᠠᠵᠠᠷ ᠤᠨ ᠬᠢᠨ ᠪᠠᠰᠠ ᠳᠡᠰ ᠠᠴᠠ ᠳᠠᠪᠠᠭᠰᠠᠨ | ᠨᠡᠶᠢᠯᠡᠯᠲᠡ᠂ ᠰᠢᠨ ᠬᠤᠸᠠ ᠰᠠᠨ ᠵᠢᠴᠢ ᠯᠠᠩ ᠴᠤᠤ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠤᠨ ᠦᠢᠯᠡᠴᠢᠯᠡᠭᠦᠷ ᠢ ᠤᠷᠤᠯᠠᠵᠦ ᠭᠦᠢᠴᠡᠳᠭᠡᠬᠦ ᠲᠤᠬᠠᠶᠢᠯᠠᠭᠰᠠᠨ | ᠠᠵᠢᠯ ᠢ ᠲᠤᠰᠤᠨ ᠠᠪᠴᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 5 ᠲᠦᠮᠡᠨ ᠰᠠᠭᠤᠷᠢ ᠳᠤ ᠬᠦᠷᠴᠦ᠂ ᠤᠶᠢᠯᠡᠳᠬᠦᠨ ᠤ ᠥᠷᠲᠡᠭ ᠢ 20 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠣᠯᠤᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶ | | |