ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ | ᠬᠤᠷᠠᠯ ᠠᠴᠠ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠶᠢ | ᠤᠯᠠᠮᠵᠢᠯᠠᠵᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ | ᠼᠠᠢ ᠴᠢ ᠳ᠋ᠦᠩᠨᠡᠯᠲᠡ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 4 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ 4 ᠤ | ᠡᠳᠦᠷ ᠪᠡᠭᠡᠵᠢᠩ ᠳᠤ ᠬᠤᠷᠠᠯᠳᠤᠪᠠ᠃ | ᠲᠦᠷᠦᠭᠦᠬᠡᠨ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠭᠤᠣᠯ ᠰᠡᠳᠦᠪᠲᠦ ᠬᠥᠮᠦᠵᠢᠯ ᠤᠨ | ᠳ᠋ᠦᠩᠨᠡᠯᠲᠡ ᠶᠢᠨ ᠮᠡᠳᠡᠭᠦᠯᠦᠯᠲᠡ ᠪᠣᠯᠣᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠢ ᠬᠢᠨᠠᠨ | ᠵᠥᠪᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠦᠭᠦ ᠨᠠᠮ ᠢᠶᠠᠷ ᠢᠶᠠᠨ ︽ᠦᠵᠡᠯ | ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠤᠨ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ | ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠬᠤ ᠶᠢ ᠲᠤᠪᠤᠶᠢᠯᠭᠠᠵᠥ᠂ ᠢᠯᠠᠩᠭᠤᠶ᠎ᠠ | ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠠᠰᠠᠭᠤᠳᠠᠯ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ | ᠨᠠᠮ ᠤᠨ ᠪᠠᠶᠢᠭᠤᠯᠤᠯᠲᠠ ᠶᠢᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠢᠱᠢᠭᠰᠡᠨ ᠬᠠᠷᠠᠯᠲᠠ ᠳᠠᠭᠠᠨ ᠬᠦᠷᠴᠦ᠂ ᠢᠯᠡᠳᠲᠡ ᠦᠷ᠎ᠡ ᠪᠦᠲᠦᠮᠵᠢ | ᠣᠯᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠠᠨᠠᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ | ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠶᠢ ᠪᠠᠷᠢᠮᠲᠠᠯᠠᠬᠤ ᠪᠠᠷ ᠲᠠᠮᠵᠢᠨ᠂ ᠵᠢᠮ᠎ᠡ ᠶᠣᠰᠣ ᠶᠢ ᠣᠶᠢᠯᠠᠭᠠᠵᠤ᠂ | ᠴᠢᠭᠯᠡᠯ ᠢᠶᠠᠨ ᠲᠣᠳᠣᠷᠬᠠᠶᠢᠯᠠᠵᠤ᠂ ᠠᠷᠭ᠎ᠠ ᠶᠢ ᠰᠤᠷᠤᠯᠴᠠᠵᠤ᠂ ᠤᠶᠤᠨ ᠤᠬᠠᠭᠠᠨ ᠢᠶᠠᠨ ᠨᠡᠮᠡᠭᠳᠡᠭᠦᠯᠵᠦ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠬᠥᠮᠥᠵᠢᠭᠦᠯᠦᠨ ᠵᠢᠯᠤᠭᠤᠳᠴᠤ᠂ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠤᠯᠠᠮ | ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ | ᠦᠷᠭᠦᠯᠵᠢᠯᠡᠨ ᠰᠠᠶᠢᠲᠤᠷ ᠠᠳᠬᠤᠵᠤ᠂ ᠳᠦᠷᠢᠮ ᠲᠣᠭᠲᠠᠭᠠᠯ ᠲᠣᠭᠲᠠᠭᠠᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠶᠢ | ᠦᠨᠡᠨ ᠬᠦ ᠮᠡᠳᠡᠷᠡᠭᠦᠯᠵᠦ᠂ ᠠᠷᠠᠳ ᠤᠯᠠᠨ ᠳᠤ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ᠃ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ︽ | ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ | ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ | ᠪᠣᠳᠠᠲᠠᠢ ᠶᠢ ᠡᠷᠭᠢᠮᠯᠡᠭᠦ ᠰᠤᠷᠲᠠᠯ᠂ ᠠᠷᠢᠭᠤᠨ ᠴᠢᠬᠡᠴᠢ ᠰᠤᠷᠲᠠᠯ᠂ ᠠᠷᠪᠢᠴᠢ ᠪᠣᠷᠣᠭᠵᠢᠭᠤᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠥᠪᠡᠷ ᠪᠡᠶ᠎ᠡ ᠶᠢᠨ ᠬᠤᠪᠢᠰᠬᠠᠯ | ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ | ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠪᠦᠲᠦᠮᠵᠢ ᠶᠢᠨ | ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠵᠦ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠪᠠᠷ ᠬᠢᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠶᠢ | ᠡᠷᠬᠢᠮᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ | ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠭᠤᠣᠯ ᠰᠡᠳᠦᠪᠲᠦ ᠬᠥᠮᠦᠵᠢᠯ ᠤᠨ ᠣᠯᠣᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠴᠢ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠣᠭᠰᠠᠨ ᠤ ᠦᠨᠳᠦᠰᠦᠨ ᠰᠢᠯᠲᠠᠭᠠᠨ ᠨᠢ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠰᠢᠭᠤᠳ ᠤᠳᠤᠷᠢᠳᠴᠤ᠂ | ᠪᠦᠭᠦ ᠶᠠᠪᠤᠴᠠ ᠪᠠᠷ ᠵᠢᠭᠠᠨ ᠵᠢᠯᠤᠭᠤᠳᠴᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠭᠰᠠᠨ ᠳᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠭᠤᠣᠯ | ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠤ ᠣᠷᠤᠯᠴᠠᠬᠤ ᠶᠢᠨ ᠬᠠᠮᠲᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠪᠣᠯᠣᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠡᠷᠭᠢᠯᠡᠭᠦ ᠶᠢᠨ ᠬᠠᠮᠲᠤ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠭᠤᠣᠯ ᠰᠡᠳᠦᠪᠲᠦ ᠬᠥᠮᠦᠵᠢᠯ ᠳᠤ | ᠱᠠᠭᠠᠷᠳᠠᠯᠭ᠎ᠠ ᠳᠤᠷᠠᠳᠴᠤ᠂ ᠠᠯᠢ ᠤᠯᠠᠨ ᠴᠢᠬᠤᠯᠠ ᠥᠭᠦᠯᠡᠯᠲᠡ ᠬᠢᠵᠦ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠴᠢᠭᠯᠡᠯ ᠢ ᠵᠢᠭᠠᠵᠤ᠂ | ᠴᠢᠬᠤᠯᠠ ᠵᠢᠷᠤᠮᠯᠠᠯ ᠬᠠᠩᠭᠠᠪᠠ ᠭᠡᠵᠦ ᠵᠢᠭᠠᠵᠤ ᠭᠠᠷᠭᠠᠪᠠ᠃ | ᠼᠠᠢ ᠴᠢ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠨᠢ ᠰᠢᠨ᠎ᠡ ᠴᠠᠭ ᠦᠶ᠎ᠡ ᠳᠤ ᠨᠠᠮ ᠤᠨ ᠳᠣᠲᠣᠭᠠᠳᠤ ᠳᠤ ᠲᠥᠪᠯᠡᠷᠡᠩᠭᠦᠢ ᠬᠥᠮᠦᠵᠢᠯ | ᠥᠷᠨᠢᠭᠦᠯᠬᠦ ᠳᠤ ᠰᠢᠨ᠎ᠡ ᠲᠤᠷᠰᠢᠯᠭ᠎ᠠ ᠬᠤᠷᠠᠮᠳᠤᠭᠤᠯᠵᠠᠢ᠂ ᠭᠤᠣᠯᠳᠠᠭᠤ᠄ ᠤᠨᠤᠯ ᠤᠨ ᠰᠤᠷᠤᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠬᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠬᠤ᠂ ᠭᠤᠣᠯ ᠡᠭᠦᠷᠭᠡ ᠳᠤ ᠦᠢᠯᠡᠴᠢᠯᠡᠬᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ᠂ ᠳᠡᠭᠡᠷ᠎ᠡ | ᠱᠠᠲᠤ ᠨᠢ ᠳᠣᠣᠷ᠎ᠠ ᠱᠠᠲᠤᠨ ᠳᠠᠭᠠᠨ ᠳᠠᠭᠤᠷᠢᠶᠠᠯ ᠪᠣᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠶᠢ ᠪᠠᠭᠲᠠᠭᠠᠨ᠎ᠠ᠂ ᠰᠠᠶᠢᠲᠤᠷ ᠳ᠋ᠦᠩᠨᠡᠵᠦ᠂ | ᠰᠠᠶᠢᠲᠤᠷ ᠬᠡᠷᠡᠭᠯᠡᠬᠦ ᠶᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠴᠢ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠡᠷᠡᠰ ᠭᠤᠶᠢᠪᠢᠰᠢ ᠦᠭᠡᠢ ᠪᠠᠷ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ | ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠦᠭᠦ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠮᠠᠷᠺᠰ ᠤᠨ ᠦᠵᠡᠯ ᠤᠨ ᠴᠢᠬᠤᠯᠠ ᠠᠭᠤᠯᠭ᠎ᠠ ᠶᠢ ᠦᠨᠡᠨ ᠬᠦ ᠰᠤᠷᠤᠯᠴᠠᠵᠤ ᠮᠡᠳᠡᠬᠦ ᠶᠢ ᠠᠬᠢᠭᠤᠯᠬᠤ ᠬᠡᠷᠡᠭᠲᠡᠢ᠃ ᠪᠦᠭᠦ ᠨᠠᠮ ᠤᠨ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠭᠦ ᠨᠠᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠰᠢᠨ᠎ᠡ ᠴᠠᠭ ᠦᠶ᠎ᠡ ᠰᠢᠨ᠎ᠡ ᠠᠶᠠᠨ ᠳᠠᠬᠢ | ᠨᠠᠮ ᠤᠨ ᠭᠤᠣᠯ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠲᠤᠷᠰᠢᠯᠭ᠎ᠠ ᠶᠢ ᠰᠠᠶᠢᠲᠤᠷ ᠬᠡᠷᠡᠭᠯᠡᠵᠦ᠂ ᠮᠠᠨ ᠤ ᠨᠠᠮ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ | ᠰᠤᠷᠲᠠᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ | ᠪᠠᠲᠤ ᠶᠢᠨ ᠬᠥᠮᠦᠵᠢᠯ ᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ | ᠲᠤᠳᠤᠮ ᠤᠨ ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠤᠯᠭᠠᠬᠤ ᠶᠢ ᠠᠬᠢᠭᠤᠯᠬᠤ ᠬᠡᠷᠡᠭᠲᠡᠢ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠶᠣᠰᠣᠭᠠᠷ ᠨᠠᠮ ᠢ | ᠵᠠᠰᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ ᠬᠤᠷᠠᠯ ᠢ ᠡᠷᠭᠢᠯᠡᠵᠦ᠂ ᠯᠢ ᠱᠥ ᠯᠧᠢ᠂ ᠵᠢᠶᠠᠩ ᠰᠢᠨ ᡁᠢ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ᠃ | ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ | ᠡᠯ᠎ᠡ ᠮᠤᠵᠢ ᠣᠷᠣᠨ ᠬᠤᠲᠠ ᠪᠣᠯᠣᠨ ᠳᠡᠳ᠋ ᠮᠤᠵᠢ ᠶᠢᠨ ᠲᠠᠰ ᠤᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ | ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠥᠪ ᠤᠨ | ᠲᠣᠭᠤᠷᠢᠨ ᠵᠢᠯᠤᠭᠤᠳᠬᠤ ᠳᠤᠭᠤᠶᠢᠯᠠᠩ ᠪᠣᠯᠣᠨ ᠮᠤᠵᠢ ᠶᠢᠨ ᠲᠠᠰ ᠤᠨ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ | ᠨᠠᠷ ᠬᠤᠷᠠᠯ ᠳᠤ ᠣᠷᠣᠯᠴᠠᠪᠠ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠨᠢᠳᠤᠨᠤᠨ ᠤ 4 ᠰᠠᠷ᠎ᠠ ᠠᠴᠠ ᠡᠬᠢᠯᠡᠭᠦᠯᠦᠨ᠂ ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ | ᠶᠠᠪᠤᠭᠳᠠᠭᠤᠯᠵᠤ᠂ ᠣᠳᠣᠬᠠᠨ ᠳᠤ ᠦᠨᠳᠦᠰᠦᠨ ᠳᠡᠭᠡᠨ ᠳᠠᠭᠤᠰᠴᠠᠢ᠃ | | | |