ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠡᠳᠡᠭᠰᠢ ᠶᠡᠭᠡ ᠪᠠᠷ ᠡᠬᠢᠯᠡᠪᠡ ᠱᠧᠨ ᠢ ᠴᠢᠨ ᠣᠷᠣᠯᠴᠠᠵᠤ ᠴᠤᠭᠯᠠᠭᠠᠨ ᠡᠬᠢᠯᠡᠭᠰᠡᠨ ᠢ ᠵᠠᠷᠯᠠᠵᠠᠢ ᠰᠦᠨ ᠱᠤᠤ ᠴᠧᠩ ᠭᠤᠤ ᡁᠢ ᠳ᠋ᠠᠨ ᠪᠠᠶᠠᠷ ᠤᠨ ᠦᠭᠡ ᠬᠡᠯᠡᠵᠦ ᠸᠠᠩ ᠯᠢ ᠰᠢᠶᠠ ᠬᠤᠷᠠᠯ ᠢ ᠡᠷᠬᠢᠯᠡᠵᠦ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/2/18
     2 ᠰᠠᠷ᠎ᠠ ᠶᠢᠨ 17 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠯᠦᠨ ᠪᠤᠶᠢᠷ ᠬᠤᠲᠠ ᠳᠤ ᠡᠬᠢᠯᠡᠪᠡ᠃ ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠴᠤᠭᠯᠠᠭᠠᠨ ᠡᠬᠢᠯᠡᠭᠰᠡᠨ ᠢ ᠵᠠᠷᠯᠠᠪᠠ᠃   

2.18.1.jpg

   

     17 ᠤ ᠣᠷᠣᠢ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠦᠳᠡᠯᠭᠡᠭᠡᠨ ᠤ ᠪᠣᠯᠪᠠᠰᠤᠷᠠᠯ ᠤᠨ ᠲᠥᠪ ᠤᠨ ᠲᠦᠷᠭᠡᠨ ᠲᠡᠰᠢᠯᠲᠡ ᠶᠢᠨ

ᠣᠷᠳᠣᠨ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠬᠦᠷ ᠨᠠᠷᠭᠢᠶᠠᠨ ᠢᠶᠠᠷ ᠪᠢᠯᠬᠠᠵᠤ ᠪᠠᠶᠢᠯ᠎ᠠ᠃ 20 ᠴᠠᠭ ᠲᠤ᠂ ᠡᠪᠦᠯ ᠤᠨ ᠤᠯᠠᠷᠢᠯ ᠤᠨ ᠲᠠᠮᠢᠷ ᠤᠨ

ᠴᠤᠭᠯᠠᠭᠠᠨ ᠤ ᠡᠬᠢᠯᠡᠯᠲᠡ ᠶᠢᠨ ᠶᠣᠰᠣᠯᠠᠯ ᠡᠬᠢᠯᠡᠵᠦ᠂ ᠡᠬᠢᠯᠡᠯᠲᠡ ᠶᠢᠨ ᠶᠣᠰᠣᠯᠠᠯ ᠪᠠ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠭᠡᠬᠦ ᠬᠤᠶᠠᠷ ᠶᠡᠭᠡ ᠬᠡᠰᠡᠭ

ᠬᠤᠪᠢᠶᠠᠨ ᠶᠠᠪᠤᠭᠳᠠᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ

ᠱᠣᠤ ᠴᠧᠩ ᠤᠭᠲᠤᠯᠭ᠎ᠠ ᠶᠢᠨ ᠦᠭᠡ ᠬᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠭᠤᠤ ᡁᠢ ᠳ᠋ᠠᠨ ᠡᠬᠢᠯᠡᠯᠲᠡ ᠶᠢᠨ ᠦᠭᠡ

ᠬᠡᠯᠡᠪᠡ᠃ ᠡᠬᠢᠯᠡᠯᠲᠡ ᠶᠢᠨ ᠶᠣᠰᠣᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ

ᠡᠷᠬᠢᠯᠡᠵᠡᠢ᠃

    

2.18.2.jpg

  

      ᠰᠦᠨ ᠱᠤᠤ ᠴᠧᠩ ᠪᠠᠶᠠᠷ ᠤᠨ ᠦᠭᠡ ᠳᠡᠭᠡᠨ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠢ

ᠲᠥᠯᠥᠭᠡᠯᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 ᠭᠠᠷᠤᠢ ᠲᠦᠮᠡᠨ ᠠᠷᠠᠳ ᠲᠦᠮᠡᠨ ᠢ ᠲᠥᠯᠥᠭᠡᠯᠡᠨ᠂ ᠬᠤᠯᠠ ᠠᠴᠠ ᠬᠦᠷᠦᠯᠴᠡᠨ ᠢᠷᠡᠭᠰᠡᠨ

ᠬᠦᠨᠳᠦᠲᠦ ᠵᠣᠴᠢᠳ ᠲᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠲᠡᠷᠡ᠂ ᠳᠠᠭᠠᠭᠠᠨ ᠡᠷᠬᠢᠯᠡᠬᠦ ᠡᠭᠦᠷᠭᠡ ᠶᠢ

ᠲᠣᠰᠣᠭᠰᠠᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠬᠦᠴᠦᠷᠬᠡᠭ

ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠪᠠ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ

ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ

ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ

ᠲᠣᠪᠴᠢᠶ᠎ᠠ ᠶᠢᠨ ᠨᠠᠷᠢᠨ ᠨᠢᠮᠪᠠᠢ ᠵᠢᠯᠣᠭᠤᠳᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠳᠣᠣᠷ᠎ᠠ᠂ ︽ᠪᠣᠬᠢᠷᠲᠤᠯ ᠦᠭᠡᠢ᠂ ᠬᠠᠮᠲᠤ ᠪᠠᠷ

ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠭᠢᠯᠡᠬᠦ ᠣᠶᠢᠯᠠᠭᠠᠭᠳᠠᠬᠤᠨ ᠪᠠ ︽ᠲᠥᠬᠦᠮ ᠠᠪᠰᠠᠷᠬᠠᠨ᠂ ᠠᠮᠤᠷ ᠲᠦᠪᠰᠢᠨ᠂ ᠭᠤᠶᠢᠳᠠ

ᠰᠠᠶᠢᠬᠠᠨ︾ ᠤᠷᠤᠯᠳᠤᠭᠠᠨ ᠡᠷᠭᠢᠯᠡᠬᠦ ᠱᠠᠭᠠᠷᠳᠠᠯᠭ᠎ᠠ ᠶᠢ ᠪᠠᠷᠢᠮᠲᠠᠯᠠᠵᠤ᠂ ᠣᠷᠣᠨ ᠳᠠᠶᠠᠭᠠᠷ ᠤᠨ ᠬᠦᠴᠦᠨ ᠢᠶᠠᠷ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ

᠂ ᠪᠦᠬᠦ ᠰᠡᠳᠬᠢᠯ ᠪᠥᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠪᠥᠬᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ

ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠬᠢᠯᠡᠨ ᠦᠵᠡᠭᠦᠯᠬᠦ ᠪᠠᠷ ᠪᠣᠯᠪᠠ᠃ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ

ᠬᠥᠭᠵᠢᠭᠡᠵᠦ᠂ ᠳᠤᠮᠳᠠᠳᠤ ᠤᠯᠤᠰ ᠤᠨ ᠬᠦᠰᠡᠯ ᠵᠡᠭᠦᠳᠦ ᠶᠢ ᠲᠡᠷᠭᠡᠯᠰᠢᠭᠦᠯᠦᠨ᠎ᠡ᠃ ᠪᠢᠳᠠ ᠭᠠᠷ ᠭᠠᠷ ᠢᠶᠠᠨ ᠬᠤᠯᠪᠣᠯᠴᠠᠨ ᠮᠥᠷᠥ ᠵᠡᠷᠭᠡᠴᠡᠵᠦ᠂ ᠮᠥᠰᠥ ᠴᠠᠰᠤᠨ ᠳᠤ

ᠳᠡᠭᠦᠯᠢᠨ᠂ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠪᠡᠶᠡᠯᠡᠭᠦᠯᠵᠦ᠂ ᠬᠠᠮᠲᠤ ᠪᠠᠷ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ

ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠬᠡᠯᠡᠪᠡ᠃

    ᠭᠤᠤ ᡁᠢ ᠳ᠋ᠠᠨ ᠪᠠᠶᠠᠷ ᠤᠨ ᠦᠭᠡ ᠳᠡᠭᠡᠨ᠂ ᠣᠳᠣᠬᠠᠨ ᠳᠤ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ

ᠬᠤᠷᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠪᠤᠢ᠃ ᠡᠪᠦᠯ ᠤᠨ ᠤᠯᠠᠷᠢᠯ ᠤᠨ ᠲᠠᠮᠢᠷ ᠤᠨ

ᠴᠤᠭᠯᠠᠭᠠᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ

ᠪᠣᠯᠤᠭᠰᠠᠨ ᠤ ᠬᠤᠪᠢ ᠳᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ︽ᠪᠣᠬᠢᠷᠲᠤᠯ ᠦᠭᠡᠢ᠂ ᠬᠠᠮᠲᠤ ᠪᠠᠷ ᠡᠳ᠋ᠯᠡᠬᠦ᠂

ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ︽ᠡᠮᠦᠨᠡᠰᠢ

ᠲᠡᠯᠡᠵᠦ ᠪᠠᠷᠠᠭᠤᠨᠰᠢ ᠥᠷᠭᠡᠳᠬᠡᠵᠦ ᠵᠡᠭᠦᠨᠰᠢ ᠦᠷᠭᠦᠯᠵᠢᠯᠡᠬᠦ︾ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠳ᠋ᠦᠩᠰᠢᠭᠤᠷ ᠬᠥᠮᠥᠨ ᠢ ᠲᠠᠶᠢᠴᠢᠯᠠᠨ ᠮᠥᠰᠥ

ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠨ ᠤ ᠤᠯᠤᠰ ᠤᠨ ᠮᠥᠰᠥ ᠴᠠᠰᠤᠨ ᠤ

ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠬᠢᠷᠢ ᠲᠦᠪᠰᠢᠨ ᠢ ᠳᠡᠯᠭᠡᠨ ᠦᠵᠡᠭᠦᠯᠬᠦ ᠪᠠ ᠰᠢᠯᠭᠠᠨ ᠪᠠᠶᠢᠴᠠᠭᠠᠬᠤ ᠪᠣᠯᠣᠨ᠎ᠠ᠃ ᠥᠷᠭᠡᠨ ᠤᠯᠠᠨ ᠮᠥᠰᠥ ᠴᠠᠰᠤᠨ ᠤ

ᠲᠠᠮᠢᠷᠴᠢᠳ ᠤᠷᠤᠯᠳᠤᠭᠠᠨ ᠤ ᠲᠠᠯᠠᠪᠤᠷ ᠲᠤ ᠲᠦᠮᠡᠨ ᠠᠭᠲᠠ ᠶᠢᠨ ᠲᠦᠪᠡᠷᠭᠡᠨ ᠮᠡᠲᠦ ᠣᠮᠣᠭᠯᠠᠩ ᠵᠣᠷᠢᠭ ᠢ ᠪᠠᠳᠠᠷᠠᠭᠤᠯᠵᠤ᠂ ᠮᠥᠰᠥ ᠴᠠᠰᠤᠨ ᠳᠤ ᠳᠡᠭᠦᠯᠢᠨ ᠨᠢᠰᠬᠦ

ᠮᠡᠲᠦ ᠬᠡᠲᠦ᠋ᠢᠳᠦᠭᠰᠡᠨ ᠤᠷ᠎ᠠ ᠮᠡᠷᠭᠡᠵᠢᠯ ᠢ ᠢᠯᠡᠷᠡᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ᠂ ᠪᠡᠭᠡᠵᠢᠩ ᠤᠨ ᠡᠪᠦᠯ ᠤᠨ ᠤᠯᠠᠷᠢᠯ ᠤᠨ

ᠣᠯᠢᠮᠫᠢᠺ ᠤᠨ ᠵᠣᠷᠢᠭ ᠰᠠᠨᠠᠭ᠎ᠠ ᠶᠢ ᠣᠯᠢᠮᠫᠢᠺ ᠤᠨ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠯᠤᠭ᠎ᠠ ᠠᠭᠤᠰᠤᠯᠴᠠᠭᠤᠯᠤᠨ ᠰᠣᠯᠪᠢᠴᠠᠭᠤᠯᠵᠤ

ᠬᠠᠷᠢᠯᠴᠠᠨ ᠭᠡᠷᠡᠯ ᠭᠢᠯᠪᠠᠭ᠎ᠠ ᠰᠠᠴᠤᠷᠠᠭᠤᠯᠤᠭᠰᠠᠨ ᠰᠦᠷᠯᠢᠭ ᠰᠠᠶᠢᠬᠠᠨ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠨ ᠪᠠᠷᠠᠯᠠᠵᠤ ᠪᠠᠶᠢᠨ᠎ᠠ ᠭᠡᠵᠦ ᠢᠯᠡᠳᠬᠡᠪᠡ᠃

     20 ᠴᠠᠭ 36 ᠮᠢᠨᠦ᠋ᠲ ᠲᠤ᠂ ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ᠄ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ

ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠯ᠎ᠡ︕︾ ᠭᠡᠵᠦ ᠵᠠᠷᠯᠠᠬᠤ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ

ᠲᠠᠰᠢᠵᠠᠭᠠᠪᠠ᠃

      ᠲᠠᠮᠢᠷᠴᠢᠨ᠂ ᠳᠠᠰᠬᠠᠯᠵᠢᠭᠤᠯᠤᠭᠴᠢ᠂ ᠬᠢᠨᠠᠭᠴᠢ ᠶᠢᠨ ᠲᠥᠯᠥᠭᠡᠯᠡᠭᠴᠢ ᠲᠤᠰ ᠲᠤᠰ ᠲᠠᠩᠭᠠᠷᠢᠭᠯᠠᠪᠠ᠃

      ᠳᠠᠷᠠᠭ᠎ᠠ ᠨᠢ᠂ ︽ᠮᠦᠰᠦ ᠴᠠᠰᠤᠨ ᠳᠤ ᠤᠷᠮ᠎ᠠ ᠰᠡᠳᠬᠢᠯᠭᠡ ᠶᠢᠨ ᠭᠠᠯ ᠢ ᠳᠦᠷᠡᠯᠵᠡᠭᠦᠯᠵᠦ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠪᠡᠶᠡᠯᠡᠭᠦᠯᠦᠶ᠎ᠡ︾ ᠭᠡᠬᠦ

ᠭᠤᠣᠯ ᠰᠡᠳᠦᠪᠲᠦ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠶᠢᠨ ᠲᠣᠭᠯᠠᠯᠲᠠ ᠡᠬᠢᠯᠡᠵᠡᠢ᠃ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠶᠢᠨ ᠲᠣᠭᠯᠠᠯᠲᠠ ᠳᠤ

ᠣᠷᠣᠰᠢᠯ ︽ᠬᠠᠮᠲᠤ ᠶᠢᠨ ᠭᠡᠷ ᠣᠷᠣᠨ︾᠂ ᠭᠤᠣᠯ ᠬᠡᠰᠡᠭ ︽ᠦᠵᠡᠰᠬᠦᠯᠡᠭᠲᠦ ᠰᠠᠶᠢᠬᠠᠨ ᠠᠭᠤᠯᠠ ᠤᠰᠤ︾᠂ ︽ᠮᠥᠰᠥ ᠴᠠᠰᠤᠨ ᠳᠤ ᠬᠠᠮᠲᠤ ᠪᠠᠷ ᠪᠣᠯᠵᠣᠶ᠎ᠠ︾

᠂ ︽ᠭᠠᠷ ᠬᠤᠯᠪᠣᠯᠴᠠᠨ ᠬᠠᠮᠲᠤ ᠪᠠᠷ ᠡᠷᠡᠮᠡᠬᠡᠶᠢᠯᠡᠨ ᠤᠷᠤᠭᠰᠢᠯᠠᠶ᠎ᠠ︾ ᠪᠣᠯᠣᠨ ᠲᠡᠭᠦᠰᠬᠡᠯ ︽ᠬᠠᠮᠲᠤ ᠶᠢᠨ ᠢᠷᠡᠭᠡᠳᠦᠢ︾ ᠵᠡᠷᠭᠡ ᠶᠢ ᠪᠠᠭᠲᠠᠭᠠᠪᠠ᠂ ᠦᠵᠡᠭᠦᠯᠭᠡ ᠶᠢᠨ

ᠲᠣᠭᠯᠠᠯᠲᠠ ᠨᠢ ᠳᠤᠮᠳᠠᠳᠤ ᠤᠯᠤᠰ ᠤᠨ ᠬᠡᠪ ᠨᠠᠮᠪᠠ᠂ ᠦᠨᠳᠦᠰᠦᠲᠡᠨ ᠤ ᠣᠨᠴᠠᠯᠢᠭ᠂ ᠤᠮᠠᠷᠠᠲᠤ ᠬᠢᠯᠢ ᠶᠢᠨ ᠢᠷᠠᠭᠤ ᠰᠣᠨᠣᠰᠬᠤᠯᠠᠩ᠂ ᠲᠠᠮᠢᠷ ᠤᠨ ᠬᠥᠳᠡᠯᠭᠡᠭᠡᠨ ᠤ

ᠠᠮᠢᠵᠢᠷᠠᠯ ᠤᠨ ᠬᠦᠴᠦᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠪᠦᠲᠦᠭᠡᠯᠴᠢ ᠪᠠᠷ ᠢᠯᠡᠷᠡᠭᠦᠯᠵᠦ᠂ ᠤᠯᠠᠮᠵᠢᠯᠠᠬᠤ ᠪᠠ ᠰᠢᠨ᠎ᠡ ᠶᠢ

ᠡᠭᠦᠳᠬᠦ ᠠᠭᠤᠰᠤᠯᠴᠠᠯ ᠤᠨ ᠳᠤᠮᠳᠠ ᠲᠠᠯ᠎ᠠ ᠨᠤᠲᠤᠭ ᠤᠨ ᠰᠣᠶᠣᠯ᠂ ᠮᠥᠰᠥ ᠴᠠᠰᠤᠨ ᠤ ᠰᠣᠶᠣᠯ ᠪᠣᠯᠣᠨ ᠦᠨᠳᠦᠰᠦᠲᠡᠨ ᠤ ᠰᠣᠶᠣᠯ ᠤᠨ ᠦᠨᠢᠷ ᠪᠠᠶᠠᠯᠢᠭ ᠰᠢᠳᠢ

ᠬᠦᠴᠦᠨ ᠢ ᠢᠯᠡᠷᠡᠭᠦᠯᠪᠡ᠃

      ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠣᠳᠣ ᠪᠣᠯᠲᠠᠯ᠎ᠠ ᠶᠠᠪᠤᠭᠳᠠᠭᠰᠠᠨ ᠬᠤᠭᠤᠴᠠᠭ᠎ᠠ ᠪᠦᠷᠢ ᠶᠢᠨ ᠪᠥᠬᠦ ᠤᠯᠤᠰ ᠤᠨ

ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠣᠲᠣᠷᠠᠬᠢ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠣᠯᠠᠨ᠂ ᠪᠠᠷᠢᠮᠵᠢᠶ᠎ᠠ ᠪᠠᠷ

ᠬᠠᠮᠤᠭ ᠤᠨ ᠦᠨᠳᠦᠷ ᠨᠢᠭᠡ ᠬᠤᠭᠤᠴᠠᠭ᠎ᠠ ᠶᠢᠨ ᠲᠠᠮᠢᠷ ᠤᠨ ᠴᠤᠭᠯᠠᠭᠠᠨ ᠪᠣᠯᠣᠨ᠎ᠠ᠃ ᠥᠪᠥᠷ ᠮᠣᠩᠭᠤᠯ ᠤᠨ ᠡᠯ᠎ᠡ ᠤᠷᠤᠯᠳᠤᠭᠠᠨ ᠤ ᠲᠣᠭᠤᠷᠢᠭ ᠠᠴᠠ ᠭᠠᠳᠠᠨ᠎ᠠ᠂

ᠬᠡᠰᠡᠭ ᠤᠷᠤᠯᠳᠤᠭᠠᠨ ᠤ ᠲᠦᠷᠦᠯ ᠵᠦᠢᠯ ᠨᠢ ᠪᠡᠭᠡᠵᠢᠩ ᠤᠨ ᠶᠠᠨᠴᠢᠩ᠂ ᠾᠧᠪᠸᠢ ᠶᠢᠨ ᠴᠢᠭᠤᠯᠤᠯᠲᠤ ᠬᠠᠭᠠᠯᠭ᠎ᠠ ᠳᠠᠬᠢ ᠪᠡᠭᠡᠵᠢᠩ ᠤᠨ ᠡᠪᠦᠯ ᠤᠨ ᠤᠯᠠᠷᠢᠯ ᠤᠨ

ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠤᠷ ᠣᠷᠳᠣᠨ ᠳᠤ ᠶᠠᠪᠤᠭᠳᠠᠵᠤ᠂ ᠨᠡᠶᠢᠳᠡ 31 ᠮᠤᠵᠢ ᠣᠷᠣᠨ ᠬᠤᠳᠠ᠂ ᠰᠢᠨᠵᠢᠶᠠᠩ ᠤᠨ ᠦᠢᠯᠡᠳᠪᠦᠷᠢᠯᠡᠯ

ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠰᠢᠶᠠᠩᠭᠠᠩ ᠣᠣᠮᠧᠨ ᠭᠠᠵᠠᠷ ᠣᠷᠣᠨ ᠤ 35 ᠲᠥᠯᠥᠭᠡᠯᠡᠭᠴᠢᠳ ᠤᠨ ᠪᠦᠯᠬᠦᠮ ᠤᠨ 3000 ᠭᠠᠷᠤᠢ ᠲᠠᠮᠢᠷᠴᠢᠨ

ᠦᠷᠢᠰᠦᠯᠳᠦᠭᠡᠨᠲᠦ ᠪᠡᠶ᠎ᠡ ᠶᠢᠨ ᠲᠠᠮᠢᠷ ᠪᠠ ᠬᠠᠮᠲᠤ ᠨᠡᠶᠢᠲᠡ ᠶᠢᠨ ᠲᠦᠷᠦᠯ ᠵᠦᠢᠯ ᠤᠨ ᠤᠷᠤᠯᠳᠤᠭᠠᠨ ᠳᠤ ᠣᠷᠣᠯᠴᠠᠵᠤ᠂ 8 ᠶᠡᠭᠡ ᠲᠦᠷᠦᠯ ᠵᠦᠢᠯ᠂ 16

ᠬᠤᠪᠢᠶᠠᠷᠢ ᠲᠦᠷᠦᠯ ᠵᠦᠢᠯ᠂ 180 ᠪᠠᠭ᠎ᠠ ᠲᠦᠷᠦᠯ ᠵᠦᠢᠯ ᠤᠨ ᠤᠷᠤᠯᠳᠤᠭᠠᠨ ᠳᠤ ᠤᠷᠤᠯᠳᠤᠬᠤ ᠪᠣᠯᠣᠨ᠎ᠠ᠃

      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠢᠦᠢ ᠬᠤᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ

ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠧᠦ ᠶᠢᠨ ᠴᠢᠶᠠᠩ᠂ ᠵᠠᠩ ᠵᠢᠶᠠ ᠱᠧᠩ᠂ ᠥᠪᠡᠷᠲᠡᠭᠡᠨ ᠵᠠᠰᠠᠬᠤ

ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠢᠦᠢ ᠯᠢ ᠰᠢᠨ᠂ ᠦ᠋ ᠶᠠᠨ ᠭᠠᠩ᠂ ᠶᠠᠩ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃

     

ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ