ᠣᠶᠢᠷ᠎ᠠ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠨᠵᠧᠦ ᠶᠢᠨ ᠮᠠᠯ ᠠᠵᠤ ᠠᠬᠤᠢ ᠪᠠ ᠮᠠᠯ ᠤᠨ | ᠡᠮ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠶᠠᠩ ᠪᠥᠸᠧ ᠬᠤᠶ ᠪᠠᠷ ᠲᠡᠷᠢᠭᠦᠨ ᠰᠠᠭᠤᠳᠠᠯ ᠤᠨ ᠰᠤᠳᠤᠯᠤᠭᠴᠢ ᠪᠤᠯᠭᠠᠭᠰᠠᠨ ᠰᠢᠨ᠎ᠡ ᠶᠢ ᠡᠭᠦᠳᠬᠦ ᠪᠦᠯᠬᠦᠮ | ᠭᠠᠨᠰᠤ ᠮᠤᠵᠢ ᠶᠢᠨ ᠬᠤᠨᠢ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠳᠡᠯᠭᠡᠷᠡᠭᠦᠯᠬᠦ ᠥᠷᠲᠡᠭᠡ ᠵᠡᠷᠭᠡ 7 ᠨᠢᠭᠡᠴᠢ ᠲᠠᠢ ᠬᠠᠮᠲᠤᠷᠠᠨ᠂ ᠮᠠᠨ ᠤ ᠤᠯᠤᠰ ᠤᠨ | ᠠᠩᠬᠠᠳᠠᠭᠴᠢ ᠥᠨᠳᠥᠷ ᠠᠭᠤᠯᠠ ᠶᠢᠨ ᠬᠦᠢᠲᠡᠨ ᠭᠠᠩ ᠬᠠᠭᠰᠠᠷᠠᠭᠠᠨ ᠤ ᠠᠮᠢ ᠠᠬᠤᠢ ᠶᠢᠨ ᠣᠷᠣᠨ ᠳᠤ ᠵᠤᠬᠢᠴᠠᠬᠤ ᠨᠠᠷᠢᠨ ᠨᠣᠣᠰᠣᠲᠤ ᠬᠤᠨᠢᠨ ᠤ ᠰᠢᠨ᠎ᠡ ᠡᠭᠦᠯᠳᠡᠷ | - ᠥᠨᠳᠥᠷ ᠠᠭᠤᠯᠠ ᠶᠢᠨ ᠮᠧᠷᠢᠨᠣᠰ ᠬᠤᠨᠢ ᠶᠢ ᠪᠤᠶᠢᠵᠢᠭᠤᠯᠵᠤ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠤᠨ ᠰᠢᠨ᠎ᠡ | ᠡᠭᠦᠯᠳᠡᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠪᠠᠶᠢᠨ᠎ᠠ᠃ ᠶᠠᠩ ᠪᠦᠸᠧ ᠬᠤᠢ ᠨᠠᠷ ᠤᠨ 20 ᠵᠢᠯ ᠤᠨ ᠰᠤᠳᠤᠯᠭ᠎ᠠ ᠴᠢᠷᠮᠠᠶᠢᠯᠭ᠎ᠠ ᠪᠠᠷ ᠪᠣᠶ ᠪᠣᠯᠤᠭᠰᠠᠨ | ᠲᠣᠰ ᠡᠭᠦᠯᠳᠡᠷ ᠨᠢ ᠳᠡᠯᠡᠬᠡᠢ ᠶᠢᠨ ᠲᠡᠯᠡᠶ ᠶᠢᠨ ᠲᠦᠪᠰᠢᠨ ᠠᠴᠠ ᠥᠨᠳᠥᠷ ᠠᠮᠢ ᠠᠬᠤᠢ ᠶᠢᠨ ᠣᠷᠣᠨ ᠤ ᠨᠠᠷᠢᠨ ᠨᠣᠣᠰᠣᠲᠤ ᠬᠤᠨᠢᠨ ᠤ ᠡᠭᠦᠯᠳᠡᠷ | ᠪᠤᠶᠢᠵᠢᠭᠤᠯᠤᠯᠲᠠ ᠶᠢᠨ ᠬᠤᠭᠤᠰᠤᠨ ᠢ ᠨᠥᠬᠦᠪᠦᠷᠢᠯᠡᠵᠦ᠂ ᠮᠠᠨ ᠤ ᠤᠯᠤᠰ ᠤᠨ ᠥᠨᠳᠥᠷ ᠠᠭᠤᠯᠠ ᠶᠢᠨ ᠨᠠᠷᠢᠨ ᠨᠣᠣᠰᠣᠲᠤ ᠬᠤᠨᠢ ᠶᠢ ᠪᠤᠶᠢᠵᠢᠭᠤᠯᠬᠤ ᠴᠢᠬᠤᠯᠠ | ᠶᠡᠭᠡ ᠰᠢᠪᠲᠤᠯᠤᠯᠲᠠ ᠪᠣᠯᠵᠤ᠂ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ᠃ ᠶᠠᠩ ᠪᠥᠸᠧ ᠬᠤᠶ ᠶᠢᠨ ᠲᠠᠨᠢᠯᠴᠠᠭᠤᠯᠤᠭᠰᠠᠨ ᠢᠶᠠᠷ᠂ | ᠥᠨᠳᠥᠷ ᠠᠭᠤᠯᠠ ᠶᠢᠨ ᠮᠧᠷᠢᠨᠣᠰ ᠬᠤᠨᠢ ᠪᠣᠯ ᠠᠦ᠋ᠰᠳ᠋ᠷᠠᠯᠢᠶ᠎ᠠ ᠶᠢᠨ ᠮᠧᠷᠢᠨᠣᠰ ᠬᠤᠨᠢ ᠪᠠᠷ ᠡᠴᠢᠭᠡ ᠦᠨᠳᠦᠰᠦ ᠪᠣᠯᠭᠠᠵᠤ ᠭᠠᠨᠰᠤ ᠶᠢᠨ ᠥᠨᠳᠥᠷ ᠠᠭᠤᠯᠠ ᠶᠢᠨ ᠨᠠᠷᠢᠨ | ᠨᠣᠣᠰᠣᠲᠤ ᠬᠤᠨᠢ ᠪᠠᠷ ᠡᠬᠡ ᠦᠨᠳᠦᠰᠦ ᠪᠣᠯᠭᠠᠭᠰᠠᠨ᠂ ᠣᠲᠣ ᠦᠶ᠎ᠡ ᠶᠢᠨ ᠡᠭᠦᠯᠳᠡᠷ ᠪᠤᠶᠢᠵᠢᠭᠤᠯᠬᠤ ᠲᠡᠷᠢᠭᠦᠨ ᠤ ᠮᠡᠷᠭᠡᠵᠢᠯ ᠢᠶᠠᠷ ᠪᠤᠶᠢᠵᠢᠭᠤᠯᠤᠭᠰᠠᠨ ᠰᠢᠨ᠎ᠡ | ᠡᠭᠦᠯᠳᠡᠷ ᠪᠣᠯᠣᠨ᠎ᠠ᠃ | ᠲᠤᠰ ᠡᠭᠦᠯᠳᠡᠷ ᠨᠢ 2400 - 4070 ᠮᠧᠳ᠋ᠷ ᠤᠨ ᠠᠮᠢ ᠠᠬᠤᠢ ᠶᠢᠨ ᠣᠷᠣᠨ ᠳᠤ ᠵᠣᠬᠢᠴᠠᠵᠤ᠂ ᠴᠢᠳᠠᠪᠤᠷᠢ ᠪᠠ ᠶᠡᠷᠦᠩᠬᠡᠢ ᠴᠢᠨᠠᠷ ᠴᠢᠨᠰᠠᠭ᠎ᠠ ᠨᠢ | ᠠᠳᠠᠯᠢ ᠲᠥᠷᠥᠯ ᠤᠨ ᠠᠦ᠋ᠰᠳ᠋ᠷᠠᠯᠢᠶ᠎ᠠ ᠶᠢᠨ ᠮᠧᠷᠢᠨᠣᠰ ᠬᠤᠨᠢ ᠠᠴᠠ ᠳᠠᠪᠠᠵᠤ᠂ ᠠᠦ᠋ᠰᠳ᠋ᠷᠠᠯᠢᠶ᠎ᠠ ᠶᠢᠨ ᠮᠧᠷᠢᠨᠣᠰ ᠬᠤᠨᠢᠨ ᠤ ᠮᠠᠨ ᠤ ᠤᠯᠤᠰ ᠤᠨ ᠳᠠᠯᠠᠶ ᠶᠢᠨ | ᠲᠦᠪᠰᠢᠨ ᠠᠴᠠ ᠥᠨᠳᠥᠷ᠂ ᠥᠨᠳᠥᠷ ᠠᠭᠤᠯᠠ ᠶᠢᠨ ᠬᠦᠢᠲᠡᠨ ᠭᠠᠩ ᠬᠠᠭᠰᠠᠷᠠᠭᠠᠨᠳᠤ ᠠᠮᠢ ᠠᠬᠤᠢ ᠶᠢᠨ ᠣᠷᠣᠨ ᠳᠤ ᠤᠯᠤᠰ ᠲᠠᠭᠠᠨ ᠦᠢᠯᠡᠳᠪᠦᠷᠢᠯᠡᠬᠦ ᠶᠢ | ᠪᠡᠶᠡᠯᠡᠭᠦᠯᠵᠡᠢ᠃ ᠲᠥᠰᠥᠭᠡᠯᠡᠭᠰᠡᠨ ᠢᠶᠠᠷ᠂ ᠵᠢᠯ ᠪᠦᠷᠢ 1.6 ᠲᠦᠮᠡᠨ ᠬᠤᠴᠠ ᠳᠡᠯᠭᠡᠷᠡᠭᠦᠯᠵᠦ᠂ 600 ᠲᠦᠮᠡᠨ ᠨᠠᠷᠢᠨ ᠨᠣᠣᠰᠣᠲᠤ ᠬᠤᠨᠢ ᠶᠢ ᠡᠭᠦᠯᠳᠡᠷ | ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠤᠯᠤᠰ ᠤᠨ ᠨᠠᠷᠢᠨ ᠨᠣᠣᠰᠣᠲᠤ | ᠬᠤᠨᠢᠨ ᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠪᠠ ᠮᠠᠯᠴᠢᠨ ᠲᠠᠷᠢᠶᠠᠴᠢᠨ ᠤ ᠠᠮᠢᠳᠤᠷᠠᠯ ᠦᠢᠯᠡᠳᠪᠦᠷᠢᠯᠡᠯ ᠢ ᠰᠠᠶᠢᠵᠢᠷᠠᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | |