28 ᠤ ᠡᠳᠦᠷ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠵᠡᠷᠭᠡ 12 ᠰᠠᠯᠠᠭ᠎ᠠ ᠮᠥᠴᠢᠷ ᠬᠠᠮᠲᠤᠷᠠᠨ ︽ᠤᠶᠠᠮᠠᠨ ᠡᠪᠡᠳᠴᠢᠨ ᠤ ᠬᠤᠣᠷ ᠬᠥᠨᠥᠭᠡᠯ ᠢ ᠪᠥᠬᠦ | ᠲᠠᠯ᠎ᠠ ᠪᠠᠷ ᠠᠷᠢᠯᠭᠠᠬᠤ ᠦᠷᠭᠦᠯᠵᠢᠯᠡᠬᠦ᠋ᠢᠴᠡ ᠬᠥᠭᠵᠢᠯᠲᠡ ᠶᠢᠨ ᠲᠦᠯᠦᠪᠯᠡᠭᠡ ︵2024 — 2030 ᠣᠨ︶︾ ᠶᠢ ᠳᠠᠷᠤᠮᠠᠯᠯᠠᠨ ᠲᠠᠷᠬᠠᠭᠠᠵᠤ᠂ 2030 ᠣᠨ | ᠪᠣᠯᠬᠤ ᠳᠤ᠂ ᠪᠥᠬᠦ ᠤᠯᠤᠰ ᠤᠨ ᠤᠶᠠᠮᠠᠨ ᠡᠪᠡᠳᠴᠢᠨ ᠳᠤ ᠨᠡᠷᠪᠡᠭᠳᠡᠭᠰᠡᠨ ᠨᠣᠷᠮ᠎ᠠ ᠨᠢ 1/10 ᠲᠦᠮᠡ ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ | ᠲᠤᠭ᠎ᠠ ᠶᠢ 0 ᠪᠣᠯᠭᠠᠵᠤ᠂ ᠤᠶᠠᠮᠠᠨ ᠡᠪᠡᠳᠴᠢᠲᠡᠨ ᠢ ᠡᠮᠨᠡᠨ ᠵᠠᠰᠠᠬᠤ ᠳᠤ 2 ᠲᠠᠰ ᠤᠨ ᠵᠡᠷᠡᠮᠳᠡᠭ ᠵᠡᠮᠳᠡᠭ ᠰᠢᠨ᠎ᠡ ᠪᠠᠷ ᠡᠭᠦᠰᠬᠦ ᠬᠠᠷᠢᠴᠠᠯ ᠢ 0 ᠪᠣᠯᠭᠠᠵᠤ᠂ ᠤᠶᠠᠮᠠᠨ | ᠡᠪᠡᠳᠴᠢᠨ ᠢ ᠠᠷᠢᠯᠭᠠᠬᠤ ᠬᠠᠷᠠᠯᠲᠠ ᠶᠢ ᠳᠤᠮᠳᠠᠳᠤ ᠤᠯᠤᠰ ᠲᠤ ᠡᠷᠲᠡᠬᠡᠨ ᠪᠡᠶᠡᠯᠡᠭᠦᠯᠦᠨ᠎ᠡ ᠭᠡᠵᠦ ᠲᠣᠳᠣᠷᠬᠠᠶᠢᠯᠠᠵᠠᠢ᠃ | ᠤᠶᠠᠮᠠᠨ ᠡᠪᠡᠳᠴᠢᠨ ᠪᠣᠯ ᠬᠥᠮᠥᠨ ᠲᠥᠷᠥᠯᠬᠢᠲᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠨᠢᠭᠡ ᠵᠦᠢᠯ ᠤᠨ ᠤᠳᠠᠭᠠᠨ | ᠴᠢᠨᠠᠷᠲᠠᠢ ᠬᠠᠯᠳᠠᠪᠤᠷᠢᠲᠤ ᠡᠪᠡᠳᠴᠢᠨ ᠮᠥᠨ᠂ ᠡᠷᠲᠡ ᠢᠯᠡᠷᠡᠭᠦᠯᠬᠦ ᠦᠭᠡᠢ ᠪᠤᠶᠤ ᠴᠠᠭ ᠲᠤᠬᠠᠢ ᠳᠤ ᠨᠢ ᠡᠮᠨᠡᠨ ᠵᠠᠰᠠᠬᠤ ᠦᠭᠡᠢ ᠪᠣᠯ ᠬᠡᠰᠡᠭ ᠭᠠᠵᠠᠷ ᠤᠨ ᠠᠷᠠᠰᠤ ᠶᠢ | ᠭᠡᠮᠲᠦᠭᠡᠵᠦ᠂ ᠴᠢᠨᠠᠭᠰᠢᠯᠠᠪᠠᠯ ᠬᠦᠨᠳᠦ ᠨᠣᠴᠢᠲᠠᠢ ᠨᠢ ᠬᠠᠷᠠᠭ᠎ᠠ ᠪᠠᠨ ᠠᠯᠳᠠᠬᠤ᠂ ᠨᠢᠭᠤᠷ ᠤᠨ ᠬᠡᠰᠡᠭ ᠨᠢ ᠵᠡᠷᠡᠮᠳᠡᠭ ᠪᠣᠯᠬᠤ ᠪᠠ ᠭᠠᠷ ᠬᠥᠯ ᠨᠢ ᠵᠡᠮᠳᠡᠭ ᠪᠣᠯᠬᠤ ᠵᠡᠷᠭᠡ | ᠢᠯᠡᠷᠡᠯ ᠲᠠᠢ ᠪᠠᠶᠢᠳᠠᠭ᠃ | ᠨᠢᠭᠡ ᠪᠦᠯᠦᠭ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ︽ᠪᠦᠬᠦ ᠤᠯᠤᠰ ᠤᠨ ᠤᠶᠠᠮᠠᠨ ᠡᠪᠡᠳᠴᠢᠨ ᠤ ᠬᠤᠣᠷ ᠬᠥᠨᠥᠭᠡᠯ ᠢ ᠠᠷᠢᠯᠭᠠᠬᠤ | ᠲᠦᠯᠦᠪᠯᠡᠭᠡ ︵2011 — 2020 ᠣᠨ︶︾ ᠶᠢ ᠬᠡᠷᠡᠭᠵᠢᠭᠦᠯᠬᠦ ᠪᠠᠷ ᠳᠠᠮᠵᠢᠨ᠂ ᠪᠦᠬᠦ ᠤᠯᠤᠰ ᠲᠤ ᠤᠶᠠᠮᠠᠨ ᠡᠪᠡᠳᠴᠢᠨ ᠤ ᠬᠤᠣᠷ ᠬᠥᠨᠥᠭᠡᠯ ᠢ | ᠦᠨᠳᠦᠰᠦᠨ ᠳᠤ ᠪᠠᠨ ᠠᠷᠢᠯᠭᠠᠭᠰᠠᠨ ᠴᠢᠬᠤᠯᠠ ᠦᠷ᠎ᠡ ᠪᠦᠲᠦᠭᠡᠯ ᠣᠯᠣᠭᠰᠠᠨ ᠪᠠᠶᠢᠨ᠎ᠠ᠃ 2020 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠤᠶᠠᠮᠠᠨ | ᠡᠪᠡᠳᠴᠢᠨ ᠳᠤ ᠨᠡᠷᠪᠡᠭᠳᠡᠭᠰᠡᠳ ᠤᠨ ᠲᠤᠭ᠎ᠠ ᠢᠯᠡᠳᠲᠡ ᠪᠠᠭᠠᠰᠴᠤ᠂ 2010 ᠣᠨ ᠤ ᠡᠴᠦᠰ ᠤᠨ ᠬᠢ ᠠᠴᠠ 50% ᠠᠴᠠ ᠳᠡᠭᠡᠭᠰᠢ ᠪᠠᠷ ᠪᠠᠭᠤᠷᠠᠭᠤᠯᠤᠨ᠂ ᠪᠥᠬᠦ | ᠤᠯᠤᠰ ᠤᠨ 98% ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠤᠶᠠᠮᠠᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ 1/10 ᠲᠦᠮᠡ ᠠᠴᠠ ᠳᠣᠷᠣᠭᠰᠢ | ᠪᠠᠶᠢᠯᠭᠠᠬᠤ ᠲᠦᠯᠦᠪᠯᠡᠭᠡ ᠶᠢᠨ ᠬᠠᠷᠠᠯᠲᠠ ᠶᠢ ᠪᠡᠶᠡᠯᠡᠭᠦᠯᠪᠡ᠃ | ᠰᠢᠨ᠎ᠡ ᠬᠡᠪᠯᠡᠯ ᠤᠨ ᠲᠦᠯᠦᠪᠯᠡᠭᠡ ᠶᠢ ᠦᠨᠳᠦᠰᠦᠯᠡᠪᠡᠯ᠂ ᠮᠠᠨ ᠤ ᠤᠯᠤᠰ ᠤᠶᠠᠮᠠᠨ ᠡᠪᠡᠳᠴᠢᠨ ᠳᠤ ᠨᠡᠷᠪᠡᠭᠳᠡᠭᠰᠡᠨ ᠨᠣᠷᠮ᠎ᠠ ᠪᠠ ᠲᠤᠰ ᠭᠠᠵᠠᠷ ᠤᠨ ᠤᠶᠠᠮᠠᠨ | ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠰᠢᠶᠠᠨ ︵ᠬᠤᠲᠠ᠂ ᠲᠣᠭᠤᠷᠢᠭ︶ ᠤ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠦᠬᠦ ᠤᠯᠤᠰ ᠤᠨ 31 ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠢ ᠭᠤᠷᠪᠠᠨ | ᠲᠥᠷᠥᠯ ᠤᠨ ᠭᠠᠵᠠᠷ ᠣᠷᠣᠨ ᠪᠣᠯᠭᠠᠨ ᠬᠤᠪᠢᠶᠠᠵᠤ᠂ ᠲᠥᠷᠥᠯ ᠬᠤᠪᠢᠶᠠᠨ ᠵᠢᠯᠤᠭᠤᠳᠴᠤ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ | ᠲᠥᠯᠥᠪᠯᠡᠨ ᠠᠬᠢᠭᠤᠯᠤᠨ᠎ᠠ᠃ ᠡᠭᠦᠨ ᠳᠤ᠂ ᠨᠢᠭᠡᠳᠦᠭᠡᠷ ᠲᠥᠷᠥᠯ ᠤᠨ ᠭᠠᠵᠠᠷ ᠣᠷᠣᠨ ᠨᠢ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠪᠲᠤᠯᠤᠯᠲᠠ ᠶᠢᠨ | ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠪᠠ ᠡᠮᠨᠡᠨ ᠵᠠᠰᠠᠬᠤ ᠠᠵᠢᠯ ᠢ ᠴᠢᠩᠭᠠᠳᠬᠠᠨ᠂ ᠡᠪᠡᠳᠴᠢᠨ ᠡᠮᠭᠡᠭ ᠳᠡᠯᠭᠡᠷᠡᠬᠦ ᠶᠢ | ᠬᠤᠷᠢᠭᠯᠠᠨ᠎ᠠ︔ ᠬᠤᠶᠠᠳᠤᠭᠠᠷ ᠲᠥᠷᠥᠯ ᠤᠨ ᠭᠠᠵᠠᠷ ᠣᠷᠣᠨ ᠨᠢ ᠬᠢᠨᠠᠨ ᠰᠢᠨᠵᠢᠵᠦ ᠬᠠᠮᠢᠶᠠᠷᠬᠤ ᠪᠠᠨ ᠴᠢᠩᠭᠠᠳᠬᠠᠵᠤ᠂ ᠬᠡᠯᠪᠡᠯᠵᠡᠨ ᠳᠠᠬᠢᠨ ᠳᠡᠯᠭᠡᠷᠡᠬᠦ ᠶᠢ | ᠰᠡᠷᠭᠡᠶᠢᠯᠡᠨ᠎ᠡ︔ ᠭᠤᠷᠪᠠᠳᠤᠭᠠᠷ ᠲᠦᠷᠦᠯ ᠤᠨ ᠭᠠᠵᠠᠷ ᠣᠷᠣᠨ ᠨᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ | ᠢᠳᠡᠪᠬᠢᠲᠡᠢ ᠪᠠᠷ ᠪᠠᠬᠢᠵᠢᠭᠦᠯᠦᠨ᠂ ᠬᠤᠣᠷ ᠬᠥᠨᠥᠭᠡᠯ ᠢ ᠠᠷᠢᠯᠭᠠᠭᠰᠠᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠪᠠᠲᠤᠯᠠᠨ᠎ᠠ᠃ | ᠲᠦᠯᠦᠪᠯᠡᠭᠡ ᠳᠤ ᠪᠠᠰᠠ ︽ᠡᠪᠡᠳᠴᠢᠨ ᠤ ᠵᠢᠱᠢᠶ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ︽ | ᠵᠡᠷᠡᠮᠳᠡᠭ ᠵᠡᠮᠳᠡᠭ ᠤᠨ ᠰᠡᠷᠭᠡᠶᠢᠯᠡᠯᠲᠡ ᠶᠢ ᠴᠢᠩᠭᠠᠳᠬᠠᠵᠤ᠂ ᠪᠥᠬᠦ ᠲᠠᠯ᠎ᠠ ᠪᠠᠷ ᠡᠷᠡᠭᠦᠯᠵᠢᠬᠦ ᠶᠢ ᠠᠬᠢᠭᠤᠯᠬᠤ︾ ︽ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ | ᠨᠡᠶᠢᠭᠡᠮ ᠤᠨ ᠭᠠᠳᠠᠭᠤᠷᠴᠢᠯᠠᠯ ᠢ ᠠᠷᠢᠯᠭᠠᠬᠤ︾ ᠵᠡᠷᠭᠡ 6 ᠭᠤᠣᠯᠳᠠᠯᠭ᠎ᠠ ᠲᠠᠢ ᠬᠦᠷᠢᠶᠡᠨ ᠠᠴᠠ᠂ ᠡᠷᠲᠡ ᠠᠴᠠ ᠡᠪᠡᠳᠴᠢᠲᠡᠨ ᠢ ᠢᠯᠡᠷᠡᠭᠦᠯᠬᠦ᠂ ᠨᠠᠷᠢᠯᠢᠭ | ᠣᠨᠣᠴᠠᠲᠠᠢ ᠪᠠᠷ ᠡᠮᠨᠡᠨ ᠵᠠᠰᠠᠬᠤ ᠪᠠᠷ ᠴᠢᠷᠮᠠᠶᠢᠬᠤ᠂ ᠵᠡᠷᠡᠮᠳᠡᠭ ᠵᠡᠮᠳᠡᠭ ᠪᠣᠯᠬᠤ ᠶᠢ ᠰᠡᠷᠭᠡᠶᠢᠯᠡᠬᠦ ᠵᠡᠷᠭᠡ ᠭᠤᠣᠯ ᠡᠭᠦᠷᠭᠡ ᠶᠢ ᠳᠤᠷᠠᠳᠤᠨ ᠭᠠᠷᠭᠠᠪᠠ᠃ | ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠳᠤ᠂ ᠲᠠᠷᠠᠭᠠᠴᠢ ᠶᠢᠨ | ᠠᠯᠬᠤᠮ ᠳᠤ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠡᠯ᠎ᠡ | ᠭᠠᠵᠠᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠮᠳᠠᠭᠤᠯᠬᠤ ᠶᠢᠨ ᠬᠠᠮᠲᠤ ᠵᠣᠬᠢᠴᠠᠭᠰᠠᠨ ᠱᠠᠲᠤᠴᠢ ᠴᠢᠨᠠᠷᠲᠠᠢ ᠪᠠ ᠡᠴᠦᠰ ᠤᠨ ᠬᠤᠭᠤᠴᠠᠭᠠᠨ ᠤ ᠦᠨᠡᠯᠡᠨ | ᠵᠢᠱᠢᠯᠲᠡ ᠶᠢ ᠥᠷᠨᠢᠭᠦᠯᠦᠨ᠎ᠡ ᠭᠡᠵᠦ ᠲᠣᠳᠣᠷᠬᠠᠶᠢᠯᠠᠪᠠ᠃ | |