ᠲᠦᠷᠢᠶᠡᠰᠦᠨ ᠮᠠᠰᠢᠨ ᠲᠡᠷᠭᠡᠨ ᠤ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠨᠢ ᠪᠠᠶᠢᠴᠠᠭᠠᠯᠲᠠ ᠠᠴᠠ ᠬᠡᠯᠲᠦᠷᠢᠭᠰᠡᠨ ᠳᠤ ᠨᠦᠬᠦᠨ ᠰᠤᠷᠤᠯᠴᠠᠬᠤ ᠴᠢᠬᠤᠯᠠᠲᠠᠢ ᠤᠤ
ᠨᠡᠶᠢᠲᠡᠯᠡᠭᠰᠡᠨ ᠴᠠᠭ᠄
2024/2/18
     ᠯᠠᠪᠯᠠᠬᠤ ᠠᠭᠤᠯᠭ᠎ᠠ᠄      ᠲᠠ ᠰᠠᠶᠢᠨ ᠤᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠢᠶᠠᠨ 21 ᠣᠨ ᠳᠤ ᠰᠤᠷᠤᠯᠴᠠᠭᠰᠠᠨ ᠪᠠᠶᠢᠨ᠎ᠠ᠂ 22 ᠣᠨ ᠳᠤ ᠬᠡᠷᠡᠭᠯᠡᠭᠰᠡᠨ ᠦᠭᠡᠢ ᠲᠤᠯᠠ ᠰᠤᠷᠤᠯᠴᠠᠭᠰᠠᠨ ᠦᠭᠡᠢ᠂ 23 ᠣᠨ ᠳᠤ ᠰᠤᠷᠤᠯᠴᠠᠬᠤ ᠦᠶ᠎ᠡ ᠳᠤ 22 ᠣᠨ ᠤ ᠰᠤᠷᠤᠯᠴᠠᠯᠭ᠎ᠠ ᠶᠢ ᠨᠦᠬᠦᠪᠦᠷᠢᠯᠡᠬᠦ ᠤᠤ︖      ᠬᠠᠷᠢᠭᠤᠯᠲᠠ᠄      ᠲᠠ ᠰᠠᠶᠢᠨ ᠤᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠪᠣᠯ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠳᠠᠩᠰᠠᠯᠠᠭᠤᠯᠤᠭᠰᠠᠨ ᠬᠤᠭᠤᠴᠠᠭᠠᠨ ᠳᠤ ᠲᠣᠭᠲᠠᠭᠠᠯ ᠶᠣᠰᠣᠭᠠᠷ ᠦᠷᠭᠦᠯᠵᠢᠯᠡᠭᠰᠡᠨ ᠰᠤᠷᠭᠠᠨ ᠬᠥᠮᠦᠵᠢᠯ ᠢ ᠪᠡᠶᠡᠯᠡᠭᠦᠯᠬᠦ ᠬᠡᠷᠡᠭᠲᠡᠶ︾᠂ ︽ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠣᠯᠤᠭᠠᠳ 3 ᠵᠢᠯ ᠬᠡᠲᠦᠷᠡᠭᠰᠡᠨ ᠪᠠᠶᠢᠲᠠᠯ᠎ᠠ ᠳᠠᠩᠰᠠᠯᠠᠭᠤᠯᠬᠤ ᠪᠠᠷ ᠭᠤᠶᠤᠴᠢᠯᠠᠭᠰᠠᠨ ᠥᠬᠡᠶ ᠪᠠᠶᠢᠪᠠᠯ᠂ ᠳᠠᠩᠰᠠᠯᠠᠭᠰᠠᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ 27 ᠬᠢᠴᠢᠶᠡᠯ ᠤᠨ ᠴᠠᠭ ᠠᠴᠠ ᠳᠤᠲᠠᠭᠤ ᠥᠬᠡᠶ ᠦᠷᠭᠦᠯᠵᠢᠯᠡᠭᠰᠡᠨ ᠰᠤᠷᠭᠠᠨ ᠬᠥᠮᠦᠵᠢᠯ ᠢ ᠪᠡᠶᠡᠯᠡᠭᠦᠯᠬᠦ ᠬᠡᠷᠡᠭᠲᠡᠶ︾᠂ 2022 ᠣᠨ ᠤ ᠰᠤᠷᠤᠯᠴᠠᠯᠭ᠎ᠠ ᠶᠢ ᠨᠥᠬᠦᠪᠥᠷᠢᠯᠡᠬᠦ ᠡᠰᠡᠬᠦ ᠶᠢ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠠᠰᠠᠭᠤᠨ ᠯᠠᠪᠯᠠᠬᠤ ᠬᠡᠷᠡᠭᠲᠡᠶ᠃    
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ