ᠮᠠᠨ ᠤ ᠤᠷᠤᠨ ᠦᠨᠦᠴᠢᠨ ᠵᠡᠮᠳᠡᠭ ᠬᠡᠤᠬᠡᠳ ᠢ ᠡᠷᠭᠦᠨ ᠲᠡᠵᠢᠭᠡᠬᠦ ᠭᠡᠷ ᠪᠦᠯᠢ ᠶᠢᠨ ᠬᠢᠨ ᠢ ᠳᠡᠮᠵᠢᠬᠦ ᠲᠦᠷᠦ ᠶᠢᠨ ᠪᠤᠳᠤᠯᠭ᠎ᠠ ᠲᠤᠭᠲᠠᠭᠠᠪᠠ
ᠨᠡᠶᠢᠲᠡᠯᠡᠭᠰᠡᠨ ᠴᠠᠭ᠄
2024/2/18
      ᠦᠨᠦᠴᠢᠨ ᠵᠡᠮᠳᠡᠭ ᠬᠡᠤᠬᠡᠳ ᠤᠨ ᠡᠷᠬᠡ ᠠᠰᠢᠭ ᠢ ᠤᠯᠠᠮ ᠰᠠᠶᠢᠳᠤᠷ ᠬᠠᠮᠠᠭᠠᠯᠠᠨ᠂ ᠤᠯᠤᠰ ᠤᠨ ᠳᠤᠲᠤᠭᠠᠳᠤ ᠶᠢᠨ ᠦᠨᠦᠴᠢᠨ ᠵᠡᠮᠳᠡᠭ ᠬᠡᠤᠬᠡᠳ ᠢ ᠡᠷᠭᠦᠨ ᠲᠡᠵᠢᠭᠡᠬᠦ ᠭᠡᠷ ᠪᠦᠯᠢ ᠶᠢ ᠳᠡᠮᠵᠢᠬᠦ ᠶᠢᠨ ᠲᠦᠯᠤᠬᠡ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠤᠷᠭᠠᠨ ᠬᠦᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 7 ᠰᠠᠯᠠᠭ᠎ᠠ ᠮᠦᠴᠢᠷ ᠤᠨ ᠬᠢᠨ ᠲᠠᠢ ᠬᠠᠮᠲᠤᠷᠠᠨ ︽ᠤᠯᠤᠰ ᠤᠨ ᠳᠤᠲᠤᠭᠠᠳᠤ ᠶᠢᠨ ᠦᠨᠦᠴᠢᠨ ᠵᠡᠮᠳᠡᠭ ᠬᠡᠤᠬᠡᠳ ᠢ ᠡᠷᠭᠦᠨ ᠲᠡᠵᠢᠭᠡᠬᠦ ᠭᠡᠷ ᠪᠦᠯᠢ ᠶᠢ ᠲᠡᠮᠵᠢᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠯᠠᠯᠠᠨ ᠲᠠᠷᠬᠠᠭᠠᠵᠤ᠂ ᠮᠠᠨ ᠤ ᠤᠷᠤᠨ ᠤ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠦᠨᠦᠴᠢᠨ ᠵᠡᠮᠳᠡᠭ ᠬᠡᠤᠬᠡᠳ ᠪᠠ ᠲᠠᠷᠠᠬᠠᠢ ᠰᠠᠭᠤᠵᠤ ᠪᠠᠶᠢᠭ᠎ᠠ ᠦᠨᠦᠴᠢᠨ ᠵᠡᠮᠳᠡᠭ ᠬᠡᠤᠬᠡᠳ ︵ᠡᠷᠬᠦᠨ ᠲᠡᠵᠢᠭᠡᠭᠳᠡᠭᠴᠢ ᠭᠡᠵᠤ ᠲᠦᠬᠦᠮᠴᠢᠯᠡᠶ᠎ᠡ︶ ᠲᠤ ᠵᠤᠬᠢᠬᠤ ᠦᠨᠳᠦᠰᠦᠨ ᠠᠮᠢᠳᠤᠷᠠᠯ᠂ ᠡᠮ ᠡᠮᠨᠡᠯᠭᠡ ᠪᠤᠯᠤᠨ ᠰᠤᠷᠭᠠᠨ ᠬᠦᠮᠦᠵᠢᠯ ᠤᠨ ᠪᠠᠲᠤᠯᠠᠭ᠎ᠠ ᠤᠯᠭᠤᠵᠤ ᠪᠠᠶᠢᠨ᠎ᠠ᠃       ᠨᠢᠭᠡ ᠳᠤ᠂ ᠡᠷᠭᠦᠨ ᠲᠡᠵᠢᠭᠡᠭᠳᠡᠭᠴᠢ ᠶᠢᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠲᠤᠳᠤᠷᠬᠠᠢ ᠴᠢᠩᠭᠠᠳᠬᠠᠪᠠ᠃ ᠮᠠᠨ ᠤ ᠤᠷᠤᠨ ᠤ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠦᠨᠦᠴᠢᠨ ᠵᠡᠮᠳᠡᠭ ᠡᠪᠡᠳᠴᠢᠨ ᠲᠠᠢ ᠬᠡᠤᠬᠡᠳ ᠪᠤᠯᠤᠨ ᠲᠠᠷᠠᠬᠠᠢ ᠰᠠᠭᠤᠵᠤ ᠪᠠᠶᠢᠭ᠎ᠠ ᠦᠨᠦᠴᠢᠨ ᠵᠡᠮᠳᠡᠭ ᠬᠡᠤᠬᠡᠳ ᠢ ᠬᠠᠤᠯᠢ ᠶᠤᠰᠤ ᠪᠠᠷ ᠡᠷᠭᠦᠨ ᠲᠡᠵᠢᠭᠡᠭᠰᠡᠨ ᠤ ᠳᠠᠷᠠᠭ᠎ᠠ ᠪᠦᠬᠦᠯᠢ 18 ᠨᠠᠰᠤ ᠬᠦᠷᠬᠦ ᠠᠴᠠ ᠡᠮᠦᠨ᠎ᠡ ᠡᠷᠭᠦᠨ ᠲᠡᠵᠢᠭᠡᠭᠴᠢ ᠨᠢ ᠬᠠᠤᠯᠢ ᠶᠤᠰᠤ ᠪᠠᠷ ᠦᠨᠳᠦᠰᠦᠨ ᠠᠮᠢᠳᠤᠷᠠᠯ ᠤᠨ ᠨᠦᠬᠦᠪᠦᠷᠢ ᠭᠤᠶᠤᠴᠢᠯᠠᠵᠤ ᠪᠤᠯᠤᠨ᠎ᠠ᠃       ᠬᠤᠶᠠᠷ ᠲᠤ᠂ ᠡᠷᠭᠦᠨ ᠲᠡᠵᠢᠭᠡᠭᠳᠡᠭᠴᠢ ᠶᠢᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢ ᠲᠤᠳᠤᠷᠬᠠᠢ ᠴᠢᠩᠭᠠᠳᠬᠠᠪᠠ᠃ ᠡᠷᠭᠦᠨ ᠲᠡᠵᠢᠭᠡᠭᠳᠡᠭᠴᠢ ᠨᠢ ᠪᠦᠬᠦᠯᠢ 18 ᠨᠠᠰᠤ ᠬᠦᠷᠬᠦ ᠠᠴᠠ ᠡᠮᠦᠨ᠎ᠡ ᠦᠨᠦᠴᠢᠨ ᠵᠡᠮᠳᠡᠭ ᠬᠡᠤᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠶᠤᠰᠣ ᠪᠠᠷ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠤᠯᠭᠤᠮᠵᠢ ᠶᠢ ᠦᠷᠭᠦᠯᠵᠢᠯᠡᠨ ᠬᠦᠷᠲᠡᠵᠦ᠂ ᠡᠷᠡᠭᠦᠯᠵᠢᠭᠦᠯᠬᠦ ᠲᠤᠰᠠᠯᠠᠮᠵᠢ ᠶᠢᠨ ᠨᠦᠬᠦᠴᠡᠯ ᠳᠤ ᠨᠡᠶᠢᠴᠡᠭᠰᠡᠨ ᠨᠢ ᠦᠨᠦᠴᠢᠨ ᠵᠡᠮᠳᠡᠭ ᠬᠡᠤᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠡᠷᠡᠭᠦᠯᠵᠢᠭᠦᠯᠬᠦ ᠦᠢᠯᠡᠴᠢᠯᠡᠭᠡ ᠬᠦᠷᠲᠡᠵᠦ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠤ ᠳᠤᠲᠤᠷᠠᠬᠢ ᠡᠷᠡᠭᠦᠯᠵᠢᠭᠦᠯᠬᠦ ᠨᠦᠬᠦᠴᠡᠯ ᠪᠦᠷᠢᠯᠳᠦᠭᠦᠯᠦᠭᠰᠡᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠬᠦᠷᠴᠦ ᠡᠷᠡᠭᠦᠯᠵᠢᠭᠦᠯᠬᠦ ᠦᠢᠯᠡᠴᠢᠯᠡᠭᠡ ᠶᠢ ᠰᠦᠢᠳᠬᠡᠯ ᠲᠤᠰᠢᠶᠠᠬᠤ ᠦᠬᠡᠢ ᠪᠠᠷ ᠬᠦᠯᠢᠶᠡᠨ ᠠᠪᠴᠤ ᠪᠤᠯᠤᠨ᠎ᠠ᠃ ᠨᠦᠬᠦᠴᠡᠯ ᠳᠤ ᠨᠡᠶᠢᠴᠡᠬᠦ ᠡᠷᠭᠦᠨ ᠲᠡᠵᠢᠭᠡᠭᠳᠡᠭᠴᠢ ᠶᠢ ︽ᠦᠨᠦᠴᠢᠨ ᠬᠡᠤᠬᠡᠳ ᠤᠨ ᠡᠮᠴᠢᠯᠡᠭᠡᠨ ᠢᠶᠠᠷ ᠡᠷᠡᠭᠦᠯᠵᠢᠭᠦᠯᠬᠦ ᠢᠷᠡᠬᠡᠳᠦ᠋ᠢᠴᠢ ᠲᠦᠯᠦᠪᠯᠡᠯᠭᠡ︾ ᠶᠢᠨ ᠲᠦᠷᠦᠯ ᠵᠦᠢᠯ ᠳᠤ ᠦᠷᠭᠦᠯᠵᠢᠯᠡᠨ ᠤᠷᠤᠭᠤᠯᠤᠨ᠎ᠠ᠃       ᠭᠤᠷᠪᠠ ᠳᠤ᠂ ᠡᠷᠭᠦᠨ ᠲᠡᠵᠢᠭᠡᠭᠳᠡᠭᠴᠢ ᠶᠢᠨ ᠰᠤᠷᠭᠠᠨ ᠬᠦᠮᠦᠵᠢᠯ ᠤᠨ ᠪᠠᠲᠤᠯᠠᠭ᠎ᠠ ᠶᠢ ᠲᠤᠳᠤᠷᠬᠠᠢ ᠴᠢᠩᠭᠠᠳᠬᠠᠪᠠ᠃ ᠨᠦᠬᠦᠴᠡᠯ ᠳᠤ ᠨᠡᠶᠢᠴᠡᠬᠦ ᠡᠷᠭᠦᠨ ᠲᠡᠵᠢᠭᠡᠭᠳᠡᠭᠴᠢ ᠨᠢ ᠰᠤᠷᠬᠤ ᠨᠠᠰᠤᠨ ᠠᠴᠠ ᠡᠮᠦᠨᠡᠬᠢ ᠠᠴᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠲᠡᠬᠦᠰᠳᠡᠯᠡᠬᠢ ᠰᠤᠷᠭᠠᠨ ᠬᠦᠮᠦᠵᠢᠯ ᠤᠨ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠯ ᠶᠤᠰᠤ ᠪᠠᠷ ᠬᠦᠷᠳᠡᠨ᠎ᠡ᠃ ᠡᠷᠭᠦᠨ ᠲᠡᠵᠢᠭᠡᠭᠳᠡᠭᠴᠢ ᠨᠢ ᠪᠦᠬᠦᠯᠢ 18 ᠨᠠᠰᠤ ᠬᠦᠷᠦᠭᠰᠡᠨ ᠪᠤᠯᠪᠠᠴᠤ ᠮᠦᠨ ᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠰᠤᠷᠭᠠᠭᠤᠯᠢ᠂ ᠡᠩ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠬᠢ ᠶᠢᠨ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠪᠠᠯ ᠮᠥᠨ ︽ᠱᠠᠩᠨᠠᠯᠳᠤ ᠰᠤᠭᠤᠯᠤᠭ᠎ᠠ ᠶᠢᠨ ᠠᠰᠠᠷᠠᠮᠵᠢ ᠮᠦᠡᠭᠭᠦ ᠪᠠᠷ ᠬᠦᠰᠡᠯ ᠵᠡᠬᠦᠳᠤ ᠶᠢ ᠨᠢ ᠲᠡᠷᠭᠡᠯᠰᠢᠬᠦᠯᠵᠤ᠂ ᠦᠨᠦᠴᠢᠨ ᠬᠡᠤᠬᠡᠳ ᠤᠨ ᠰᠤᠷᠤᠯᠭ᠎ᠠ ᠳᠤ ᠲᠤᠰᠠᠯᠠᠬᠤ ᠢᠨᠵᠧᠨᠧᠷᠢᠩ︾ ᠤᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃     
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ