ᠮᠠᠨ ᠤ ᠣᠷᠣᠨ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠤᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠬᠦᠯᠪᠡ
ᠨᠡᠶᠢᠲᠡᠯᠡᠭᠰᠡᠨ ᠴᠠᠭ᠄
2024/2/18
        ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠲᠥᠰᠥᠯ︾ ︵︽ᠲᠤᠷᠰᠢᠯᠲᠠ ᠶᠢᠨ ᠲᠥᠰᠥᠯ︾ ᠭᠡᠵᠦ ᠲᠤᠪᠴᠢᠯᠠᠶ᠎ᠠ︶ ᠢ ᠳᠠᠷᠤᠮᠠᠯᠯᠠᠨ ᠲᠠᠷᠬᠠᠭᠠᠬᠰᠠᠨ ᠤ ᠬᠠᠮᠳᠤ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠡᠬᠢᠯᠡᠭᠦᠯᠪᠡ᠃        ︽ᠲᠤᠷᠰᠢᠯᠲᠠ ᠶᠢᠨ ᠲᠥᠰᠥᠯ︾ ᠨᠢ ᠨᠡᠶᠢᠲᠡ 5 ᠲᠠᠯ᠎ᠠ ᠶᠢᠨ 17 ᠪᠣᠳᠠᠲᠠᠢ ᠡᠭᠦᠷᠭᠡ ᠳᠤ ᠬᠤᠯᠪᠣᠭᠳᠠᠨ᠎ᠠ᠃ ︽ᠤᠷᠢᠳ ᠢᠶᠠᠷ ᠲᠤᠷᠰᠢᠨ᠂ ᠳᠠᠷᠠᠭ᠎ᠠ ᠨᠢ ᠬᠡᠷᠡᠭᠵᠢᠭᠦᠯᠬᠦ︾ ᠰᠡᠳᠬᠢᠮᠵᠢ ᠪᠠᠷ 1 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠠᠳᠠᠯᠢ ᠪᠤᠰᠤ ᠪᠡᠯᠴᠢᠭᠡᠷ ᠤᠨ ᠲᠥᠷᠥᠯ ᠬᠡᠯᠪᠡᠷᠢ᠂ ᠠᠳᠠᠯᠢ ᠪᠤᠰᠤ ᠠᠵᠤ ᠠᠬᠤᠢ ᠶᠢᠨ ᠲᠥᠷᠥᠯ ᠬᠡᠯᠪᠡᠷᠢ ᠶᠢᠨ ᠣᠷᠣᠨ ᠳᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠠᠷ ᠲᠥᠯᠥᠪᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠨᠢᠭᠡ ᠭᠠᠵᠠᠷ ᠳᠤ ᠨᠢᠭᠡ ᠠᠷᠭ᠎ᠠ ᠪᠣᠳᠣᠯᠭ᠎ᠠ ᠪᠠᠷ ᠰᠢᠢᠳᠪᠦᠷᠢᠯᠡᠵᠦ᠂ ᠲᠤᠷᠰᠢᠯᠭ᠎ᠠ ᠪᠠᠨ ᠳ᠋ᠦᠩᠨᠡᠭᠰᠡᠨ ᠤ ᠳᠠᠷᠠᠭ᠎ᠠ ᠪᠥᠬᠦ ᠲᠠᠯ᠎ᠠ ᠪᠠᠷ ᠳᠡᠯᠭᠡᠷᠡᠭᠦᠯᠦᠨ᠎ᠡ᠃ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠮᠠᠯ ᠪᠡᠯᠴᠢᠭᠡᠷ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠷᠪᠠᠨ ᠲᠠᠯ᠎ᠠ ᠠᠴᠠ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠠᠰᠠᠭᠤᠳᠠᠯ ᠢ ᠦᠨᠡᠨ ᠬᠦ ᠰᠢᠢᠳᠪᠤᠷᠢᠯᠡᠨ᠎ᠡ᠃ ᠬᠤᠶᠠᠷ ᠲᠤ᠂ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠶᠢ ᠬᠤᠪᠢᠷᠠᠭᠤᠯᠬᠤ ᠶᠠᠪᠤᠳᠠᠯ ᠢ ᠪᠡᠯᠴᠢᠬᠡᠷ ᠤᠨ ᠲᠠᠭᠠᠭᠠᠴᠨ  ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠬᠤ ᠬᠡᠷᠡᠭᠲᠡᠢ᠃ ᠬᠠᠰᠢᠶ᠎ᠠ ᠰᠠᠷᠠᠪᠴᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ ᠲᠠᠯ᠎ᠠ ᠨᠤᠲᠤᠭ ᠤᠨ ᠮᠠᠯᠵᠢᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ 10 ᠵᠦᠢᠯ ᠤᠨ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠲᠦᠬᠦᠬᠡᠷᠤᠮᠵᠢᠳᠤ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠨᠤᠲᠤᠭ ᠪᠡᠯᠴᠢᠭᠡᠷ ᠳᠡᠭᠡᠷᠡᠬᠢ ᠮᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ᠂ ︽ᠡᠪᠡᠰᠦᠨ ᠤ ᠢᠷᠡᠯᠲᠡ︾ ᠶᠢᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠨ᠎ᠠ᠃ ᠲᠠᠷᠢᠮᠠᠯ ᠪᠡᠯᠴᠢᠭᠡᠷ ᠢ ᠬᠥᠭᠵᠢᠭᠦᠯᠬᠦ᠂ ᠡᠰᠢ ᠰᠦᠷᠡᠯ ᠢ ᠪᠣᠷᠳᠤᠭ᠎ᠠ ᠪᠣᠯᠭᠠᠬᠤ ᠬᠡᠮᠵᠢᠶ᠎ᠡ ᠶᠢ ᠳᠡᠭᠡᠭᠰᠢᠯᠡᠭᠦᠯᠬᠦ᠂ ᠡᠪᠡᠰᠦ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠮᠠᠨ ᠤ ᠣᠷᠣᠨ ᠤ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠪᠡᠯᠴᠢᠭᠡᠷ ᠤᠨ ᠮᠠᠯ ᠠᠵᠤ ᠠᠬᠤᠢ ᠶᠢᠨ ᠪᠠᠶᠢᠭᠠᠯᠢ ᠶᠢᠨ ᠨᠤᠲᠤᠭ ᠪᠡᠯᠴᠢᠭᠡᠷ ᠲᠤ ᠬᠡᠲᠦ ᠲᠦᠰᠢᠭᠯᠡᠬᠦ ᠠᠰᠠᠭᠤᠳᠠᠯ ᠢ ᠰᠢᠢᠳᠪᠦᠷᠢᠯᠡᠨ᠎ᠡ᠃ ᠳᠥᠷᠪᠡ ᠳᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠪᠠᠷᠢᠴᠨ ᠪᠣᠯᠭᠠᠨ᠎ᠠ᠃ ᠰᠢᠯᠢᠳᠡᠭ ᠮᠠᠯ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ᠂ ᠰᠢᠨᠵᠢᠯᠡᠬᠦ ᠤᠬᠠᠭᠠᠨᠴᠢ ᠪᠠᠷ ᠮᠠᠯ ᠬᠠᠷᠢᠭᠤᠯᠬᠤ ᠮᠡᠷᠭᠡᠵᠢᠯ ᠤᠨ ᠪᠣᠯᠪᠠᠰᠤᠷᠠᠯ᠂ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠣᠯᠠᠨ ᠵᠦᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠮᠢᠬᠠᠨ ᠤ ᠭᠠᠷᠤᠯᠳᠠ ᠶᠢ ᠲᠠᠰᠤᠷᠠᠯᠲᠠ ᠦᠭᠡᠢ ᠨᠡᠮᠡᠭᠳᠡᠬᠦᠯᠵᠤ᠂ ᠤᠯᠠᠨ ᠬᠤᠨᠢ ᠲᠡᠵᠢᠭᠡᠵᠦ ᠪᠠᠶᠢᠭᠰᠠᠨ ᠠᠴᠠ ᠪᠠᠨ ᠢᠯᠡᠭᠦᠦ ᠵᠣᠭᠤᠰ ᠣᠯᠬᠤ ᠲᠡᠶᠢᠰᠢ ᠬᠤᠪᠢᠷᠠᠭᠤᠯᠤᠨ᠎ᠠ᠃ ᠲᠠᠪᠤ ᠳᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠪᠡᠯᠴᠢᠬᠡᠷ ᠤᠨ ᠲᠠᠭᠠᠭᠠᠴᠨ  ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠣᠯᠭᠠᠨ᠎ᠠ᠃ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠠᠰᠢᠭᠯᠠᠬᠤ ᠬᠢᠵᠠᠭᠠᠷ ᠱᠤᠭᠤᠮ ᠢ ᠲᠣᠳᠣᠷᠬᠠᠶᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠡᠯᠴᠢᠬᠡᠷ ᠤᠨ ᠲᠠᠭᠠᠭᠠᠴᠨ ᠠᠴᠠ ᠬᠡᠳᠤᠷᠡᠳᠡᠯ᠎ᠡ ᠮᠠᠯᠵᠢᠬᠤ ᠳᠤ ᠬᠢᠨᠠᠯᠲᠠ ᠲᠠᠯᠪᠢᠵᠤ ᠬᠠᠮᠢᠶᠠᠷᠬᠤ ᠡᠷᠴᠢᠮ ᠢ ᠤᠯᠠᠮ ᠴᠢᠩᠭᠠᠳᠬᠠᠬᠤ ᠬᠡᠷᠡᠭᠲᠡᠢ᠃    
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ