ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠠᠴᠠ ᠣᠶᠢᠯᠠᠭᠠᠭᠰᠠᠨ ᠢᠶᠠᠷ ᠲᠥᠪ ᠤᠨ ᠡᠳ᠋ ᠤᠨ ᠵᠠᠰᠠᠭ | ᠤᠷᠴᠢᠮ ᠳᠤ 3.4 ᠳ᠋ᠦᠩᠰᠢᠭᠤᠷ ᠲᠥᠭᠦᠷᠢᠭ ᠤᠨ 2024 ᠣᠨ ᠤ ᠰᠢᠯᠵᠢᠭᠦᠯᠦᠨ ᠥᠭᠬᠦ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ ᠥᠪᠥᠷ ᠮᠣᠩᠭᠤᠯ ᠤᠨ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠡᠮᠵᠢᠪᠡ᠃ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠨᠡᠶᠢᠲᠡ ᠶᠢᠨ ᠠᠰᠠᠷᠠᠮᠵᠢ ᠶᠢᠨ ᠦᠢᠯᠡᠰ᠂ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃ ᠪᠡᠯᠡ | ᠮᠥᠩᠭᠦ ᠶᠢ ᠬᠠᠮᠢᠶ᠎ᠠ ᠪᠦᠬᠦᠢ ᠠᠶᠢᠮᠠᠭ ᠬᠤᠲᠠ ᠳᠤ ᠨᠢᠬᠡᠨᠳᠡ ᠪᠦᠬᠦᠨ ᠢᠶᠠᠷ ᠨᠢ ᠪᠠᠭᠤᠯᠭᠠᠬᠰᠠᠨ ᠪᠠᠶᠢᠨ᠎ᠠ᠃ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠨ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠳᠡᠭᠡ | ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢᠨ ᠲᠦᠯᠤᠬᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠪᠡᠯᠡ ᠮᠥᠩᠭᠦ ᠪᠠᠭᠤᠯᠭᠠᠬᠤ ᠶᠢᠨ ᠬᠠᠮᠲᠤ᠂ ︽ | 2024 ᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠢ ᠵᠡᠷᠭᠡ ᠳᠤᠨᠢ ᠪᠠᠭᠤᠯᠭᠠᠵᠤ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ | ᠵᠠᠷᠴᠢᠮ ᠢ ᠲᠣᠳᠣᠷᠬᠠᠶᠢᠯᠠᠬᠤ ᠶᠢᠨ ᠬᠠᠮᠲᠤ ᠪᠡᠯᠡ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠪᠡᠯᠡ ᠮᠥᠩᠭᠦ ᠶᠢᠨ | ᠬᠤᠪᠢᠶᠠᠷᠢᠯᠠᠯᠲᠠ ᠶᠢᠨ ᠲᠣᠬᠢᠷᠠᠭᠤᠯᠤᠯᠲᠠ ᠶᠢᠨ ᠬᠦᠴᠦᠨ ᠵᠦᠢᠯ ᠪᠣᠯᠭᠠᠵᠤ ︽ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠵᠤ︾᠂ ᠠᠶᠢᠮᠠᠭ ᠬᠤᠲᠠ | ᠬᠤᠰᠢᠭᠤ ᠰᠢᠶᠠᠨ ᠤ ᠲᠥᠷᠥᠯ ᠵᠦᠢᠯ ᠢ ᠰᠠᠶᠢᠲᠤᠷ ᠬᠠᠮᠢᠶᠠᠷᠴᠤ᠂ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢ ᠱᠠᠯᠠᠪᠳᠠᠭᠤᠯᠵᠤ᠂ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠳᠡᠢ ᠬᠡᠵᠡᠢ᠃ | |