ᠪᠤᠳᠠᠭᠠᠨ ᠭᠠᠭ᠋ᠠᠢ
ᠨᠡᠶᠢᠲᠡᠯᠡᠭᠰᠡᠨ ᠴᠠᠭ᠄
2024/2/18
       ᠪᠤᠳᠠᠭᠠᠨ ᠭᠠᠭ᠋ᠠᠢ ᠪᠣᠯ ᠮᠠᠨ ᠤ ᠤᠯᠤᠰ ᠤᠨ ᠣᠷᠣᠨ ᠨᠤᠲᠤᠭ ᠤᠨ ᠰᠢᠯᠢᠳᠡᠭ ᠡᠭᠦᠯᠳᠡᠷ ᠲᠠᠢ ᠬᠤ᠋ ᠨᠠᠭᠤᠷ ᠤᠨ ᠭᠠᠭ᠋ᠠᠢ ᠶᠢᠨ ᠰᠢᠰᠲ᠋ᠧᠮ ᠤᠨ ᠨᠢᠭᠡ ᠡᠭᠦᠯᠳᠡᠷ ᠪᠣᠯᠣᠨ᠎ᠠ᠂ ᠭᠤᠣᠯᠳᠠᠭᠤ ᠵᠢᠶᠠᠩᠰᠤ ᠮᠤᠵᠢ ᠶᠢᠨ ᠵᠢᠨᠲ᠋ᠠᠨ᠂ ᠶᠠᠩᠵᠦ᠋ᠡᠭ ᠬᠤᠶᠠᠷ ᠰᠢᠶᠠᠨ ᠳᠤ ᠲᠠᠷᠬᠠᠵᠤ᠂ ᠲᠡᠭᠦᠨ ᠲᠠᠢ ᠬᠥᠷᠰᠢᠯᠡᠵᠦ ᠪᠠᠶᠢᠭ᠎ᠠ ᠯᠢ ᠶᠠᠩ᠂ ᠳ᠋ᠠᠨᠳᠦ᠋᠂ ᠳ᠋ᠠᠨᠶᠠᠩ᠂ ᠡᠦ ᠶᠢᠨ ᠣᠷᠣᠨ ᠤ ᠬᠡᠰᠡᠭ ᠭᠠᠵᠠᠷ ᠣᠷᠣᠨ ᠳᠤ ᠪᠠᠰᠠ ᠲᠡᠵᠢᠭᠡᠵᠦ ᠪᠠᠶᠢᠨ᠎ᠠ᠃ ᠭᠠᠷᠤᠯᠲᠠ ᠶᠢᠨ ᠣᠷᠣᠨ ᠨᠢ ᠳᠡᠳ᠋ ᠬᠠᠯᠠᠭᠤᠨ ᠪᠦᠰᠡᠨ ᠤ ᠣᠷᠣᠨ ᠳᠤ ᠣᠷᠣᠰᠢᠵᠤ᠂ ᠠᠭᠤᠷ ᠠᠮᠢᠰᠬᠤᠯ ᠳᠤᠯᠠᠭᠠᠨ᠂ ᠬᠤᠷ᠎ᠠ ᠲᠤᠨᠳᠠᠰᠤ ᠡᠯᠪᠡᠭ᠂ ᠲᠠᠷᠢᠮᠠᠯ ᠤᠨ ᠤᠨᠠᠯᠲᠠ ᠥᠨᠳᠥᠷ᠂ ᠮᠠᠨ ᠤ ᠤᠯᠤᠰ ᠤᠨ ᠨᠠᠷᠠᠲᠠᠢ ᠲᠠᠷᠢᠶᠠᠯᠠᠩ ᠤᠨ ᠥᠨᠳᠥᠷ ᠲᠣᠭᠲᠠᠭᠤᠨ ᠬᠤᠷᠢᠶᠠᠯᠲᠠ ᠲᠠᠢ ᠣᠷᠣᠨ ᠤ ᠨᠢᠭᠡ ᠪᠣᠯᠣᠨ᠎ᠠ᠃        ᠪᠡᠶ᠎ᠡ ᠲᠥᠷᠬᠦ ᠶᠢᠨ ᠲᠦᠢᠮᠣ       ᠪᠤᠳᠠᠭᠠᠨ ᠭᠠᠭ᠋ᠠᠢ ᠶᠢᠨ ᠠᠷᠤᠭ ᠶᠠᠰᠤ ᠨᠢ ᠨᠠᠷᠢᠬᠠᠨ᠂ ᠲᠣᠯᠣᠭᠠᠢ ᠨᠢ ᠶᠡᠭᠡ ᠮᠠᠩᠨᠠᠢ ᠨᠢ ᠥᠷᠭᠡᠨ᠂ ᠮᠠᠩᠨᠠᠢ  ᠶᠢᠨ ᠬᠡᠰᠡᠭ ᠤᠨ ᠠᠲᠤᠷᠢᠶ᠎ᠠ ᠨᠢ ᠠᠷᠪᠢᠨ᠂ ᠭᠦᠨ᠂ ᠴᠢᠬᠢ ᠨᠢ ᠣᠨᠴᠠ ᠶᠡᠭᠡ᠂ ᠵᠥᠭᠡᠯᠡᠨ ᠪᠥᠭᠡᠳ ᠳᠣᠷᠣᠭᠰᠢ ᠤᠨᠵᠢᠢᠵᠤ᠂ ᠴᠢᠬᠢᠨ ᠤ ᠦᠵᠦᠭᠦᠷ ᠨᠢ ᠲᠡᠭᠰᠢᠬᠡᠨ ᠪᠤᠶᠤ ᠵᠠᠪᠠᠵᠢ ᠠᠴᠠ ᠪᠠᠨ ᠳᠠᠪᠠᠵᠤ᠂ ᠲᠣᠮᠣ ᠵᠡᠭᠡᠰᠦᠨ ᠳᠡᠪᠢᠭᠦᠷ ᠰᠢᠭ ᠪᠠᠶᠢᠳᠠᠭ᠃ ᠪᠦᠬᠦ ᠪᠡᠶ᠎ᠡ ᠶᠢᠨ ᠬᠢᠨᠢ ᠦᠰᠦ ᠨᠢ ᠬᠠᠷ᠎ᠠ ᠪᠤᠶᠤ ᠴᠠᠶᠢᠪᠤᠷ ᠥᠩᠭᠡ ᠲᠠᠢ᠂ ᠦᠰᠦ ᠨᠢ ᠰᠡᠶᠢᠷᠡᠭ ᠪᠤᠶᠤ ᠢᠭᠴᠤ ᠰᠠᠬᠤᠯᠢᠭ᠂ ᠦᠰᠦᠨ ᠤ ᠬᠤᠭᠤᠷᠣᠨᠳᠣᠬᠢ ᠵᠠᠢ ᠨᠢ ᠶᠡᠭᠡ᠂ ᠬᠡᠪᠡᠯᠢ ᠶᠢᠨ ᠬᠡᠰᠡᠭ ᠤᠨ ᠠᠷᠠᠰᠤ ᠨᠢ ᠣᠯᠠᠩᠬᠢ ᠳᠠᠭᠠᠨ ᠬᠦᠷᠡᠩ ᠤᠯᠠᠭᠠᠨ ᠥᠩᠭᠡ ᠲᠠᠢ᠂ ᠪᠠᠰᠠ ᠬᠠᠮᠠᠷ ᠬᠤᠰᠢᠭᠤ ᠨᠢ ᠴᠠᠭᠠᠨ ᠪᠤᠶᠤ ᠰᠡᠭᠦᠯ ᠤᠨ ᠦᠵᠦᠭᠦᠷ ᠨᠢ ᠴᠠᠭᠠᠨ ᠥᠩᠭᠡ ᠲᠠᠢ ᠪᠠᠶᠢᠳᠠᠭ᠃ ᠬᠥᠬᠦᠨ ᠲᠣᠪᠴᠢ ᠶᠢᠨ ᠲᠤᠭ᠎ᠠ ᠨᠢ ᠣᠯᠠᠩᠬᠢ ᠳᠠᠭᠠᠨ 16-18 ᠪᠠᠶᠢᠳᠠᠭ᠃           ᠡᠭᠦᠯᠳᠡᠷ ᠤᠨ ᠪᠡᠶ᠎ᠡ ᠶᠢᠨ ᠢᠯᠡᠷᠡᠯ      ᠨᠠᠰᠤᠨ ᠳᠤ ᠬᠦᠷᠦᠭᠰᠡᠨ ᠠᠵᠢᠷᠭᠠᠨ ᠭᠠᠭ᠋ᠠᠢ ᠶᠢᠨ ᠪᠡᠶ᠎ᠡ ᠶᠢᠨ ᠬᠦᠨᠳᠦ ᠨᠢ ᠪᠠᠷᠤᠭ 128.28 ᠵᠢᠩ᠂ ᠪᠡᠶ᠎ᠡ ᠶᠢᠨ ᠣᠷᠳᠣ ᠨᠢ ᠪᠠᠷᠤᠭ 139.8 ᠰᠡᠨᠲ᠋ᠢᠮᠧᠲᠷ ᠂ ᠴᠡᠭᠡᠵᠢᠨ ᠤ ᠥᠷᠭᠡᠨ ᠨᠢ 118.10 ᠰᠡᠨᠲ᠋ᠢᠮᠧᠲᠷ᠂ ᠪᠡᠶ᠎ᠡ ᠶᠢᠨ ᠦᠨᠳᠦᠷ ᠨᠢ 77.08 ᠰᠡᠨᠲ᠋ᠢᠮᠧᠲᠷ ᠪᠠᠶᠢᠳᠠᠭ᠃ ᠨᠠᠰᠤᠨ ᠳᠤ ᠬᠦᠷᠦᠭᠰᠡᠨ ᠮᠡᠭᠡᠵᠢ ᠶᠢᠨ ᠪᠡᠶ᠎ᠡ ᠶᠢᠨ ᠬᠦᠨᠳᠦ ᠨᠢ ᠪᠠᠷᠤᠭ 102.9 ᠺᠢᠯᠣᠭ᠍ᠷᠠᠮ᠂ ᠪᠡᠶ᠎ᠡ ᠶᠢᠨ ᠣᠷᠳᠣ ᠨᠢ ᠪᠠᠷᠤᠭ 125.3 ᠰᠡᠨᠲ᠋ᠢᠮᠧᠲᠷ᠂ ᠴᠡᠭᠡᠵᠢᠨ ᠤ ᠥᠷᠭᠡᠨ ᠨᠢ ᠪᠠᠷᠤᠭ 116.16 ᠰᠡᠨᠲ᠋ᠢᠮᠧᠲᠷ᠂ ᠪᠡᠶ᠎ᠡ ᠶᠢᠨ ᠦᠨᠳᠦᠷ ᠨᠢ ᠪᠠᠷᠤᠭ 69.41 ᠰᠡᠨᠲ᠋ᠢᠮᠧᠲᠷ ᠪᠠᠶᠢᠳᠠᠭ᠃    
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ