| | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 23 ᠤ ᠴᠠᠭᠢᠯᠭᠠᠨ ᠮᠡᠳᠡᠭᠡ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠤᠬᠠᠢ | ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢᠨ ᠮᠣᠩᠭᠤᠯ ᠭᠡᠯᠡ᠂ ᠲᠥᠪᠡᠳ ᠭᠡᠯᠡ᠂ ᠤᠶᠢᠭᠤᠷ ᠭᠡᠯᠡ᠂ ᠬᠠᠰᠠᠭ ᠭᠡᠯᠡ᠂ ᠰᠣᠯᠣᠩᠭᠤᠰ ᠭᠡᠯᠡ ᠵᠡᠷᠭᠡ 5 | ᠵᠦᠢᠯ ᠤᠨ ᠦᠨᠳᠦᠰᠦᠲᠡᠨ ᠤ ᠬᠡᠯᠡᠨ ᠤ ᠬᠡᠪᠯᠡᠯ ᠢ ᠣᠶᠢᠷ᠎ᠠ ᠳᠤ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠠᠴᠠ | ᠣᠷᠴᠢᠭᠤᠯᠵᠤ᠂ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢ ᠲᠥᠪ ᠤᠨ ᠤᠬᠠᠭᠤᠯᠬᠤ | ᠬᠡᠯᠲᠡᠰ ︵ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ︶ ᠠᠴᠠ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ | ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ ᠲᠣᠪᠴᠢᠶ᠎ᠠ ᠲᠠᠢ ᠬᠠᠮᠲᠤᠷᠠᠨ ᠨᠠᠶᠢᠷᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ 2020 ᠣᠨ ᠤ 2 ᠰᠠᠷ᠎ᠠ ᠶᠢᠨ 3 ᠤ ᠡᠳᠦᠷ ᠠᠴᠠ 2022 ᠣᠨ ᠤ 5 ᠰᠠᠷ᠎ᠠ ᠶᠢᠨ 10 ᠤ ᠡᠳᠦᠷ ᠪᠤᠯᠲᠠᠯᠠᠭᠢ | ᠬᠤᠭᠤᠴᠠᠭᠠᠨ ᠳᠠᠬᠢ ᠴᠢᠬᠤᠯᠠ ᠶᠠᠷᠢᠶ᠎ᠠ᠂ ᠶᠠᠷᠢᠯᠴᠠᠭ᠎ᠠ᠂ ᠶᠠᠷᠢᠶ᠎ᠠ ᠢᠯᠡᠳᠬᠡᠯ᠂ ᠪᠠᠶᠠᠷ ᠤᠨ ᠦᠭᠡ᠂ ᠵᠢᠭᠠᠪᠤᠷᠢ᠂ ᠪᠠᠶᠠᠷ ᠤᠨ ᠵᠠᠬᠢᠳᠠᠯ ᠵᠡᠷᠭᠡ 109 ᠵᠣᠬᠢᠶᠠᠯ ᠢ | ᠣᠷᠣᠭᠤᠯᠵᠤ᠂ ᠪᠠᠰᠠ ᠶᠡᠷᠦᠩᠬᠡᠢ ᠱᠦᠵᠢ ᠰᠢ ᠶᠢᠨ ᠫᠢᠩ ᠤᠨ 2020 ᠣᠨ ᠤ 1 ᠰᠠᠷ᠎ᠠ ᠠᠴᠠ ᠨᠠᠭᠠᠰᠢᠬᠢ 45 ᠭᠡᠷᠡᠯ ᠵᠢᠷᠤᠭ ᠢ ᠣᠷᠣᠭᠤᠯᠪᠠ᠃ ᠪᠦᠭᠦ ᠨᠣᠮ ᠢ | 21 ᠲᠤᠰᠬᠠᠢ ᠰᠡᠳᠦᠪ ᠬᠤᠪᠢᠶᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠵᠠᠭᠤᠨ ᠵᠢᠯ ᠤᠨ ᠬᠤᠪᠢᠰᠤᠯᠲᠠ ᠪᠣᠯᠣᠨ | ᠡᠷᠢᠨ ᠵᠠᠭᠤᠨ ᠤ ᠬᠢᠵᠢᠭ ᠤᠨ ᠪᠠᠶᠢᠳᠠᠯ ᠬᠠᠷᠢᠯᠴᠠᠨ ᠳᠠᠪᠬᠤᠴᠠᠭᠰᠠᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠳᠡᠯᠡᠬᠡᠢ ᠳ᠋ᠠᠬᠢᠨ ᠳᠤ ᠬᠤᠪᠣᠷ᠂ ᠲᠡᠦᠬᠡᠨ ᠳᠤ ᠬᠤᠪᠣᠷ | ᠲᠣᠬᠢᠶᠠᠯᠳᠤᠬᠤ ᠠᠶᠤᠯ ᠲᠦᠭᠰᠢᠭᠦᠷᠢ ᠥᠷᠢᠰᠦᠯᠳᠦᠭᠡᠨ ᠤ ᠡᠮᠦᠨ᠎ᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ | ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠠᠭᠤᠤ ᠶᠡᠭᠡ ᠦᠢᠯᠡᠳᠦᠯᠭᠡ ᠶᠢ ᠠᠮᠢᠳᠤᠯᠢᠭ ᠲᠡᠮᠳᠡᠭᠯᠡᠵᠦ᠂ | ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠢᠯᠡᠷᠡᠭᠦᠯᠵᠦ᠂ ᠮᠠᠨ ᠤ | ᠨᠠᠮ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠦᠵᠡᠭᠦᠯᠦᠭᠰᠡᠨ ᠬᠠᠮᠤᠭ ᠤᠨ ᠰᠢᠨ᠎ᠡ ᠬᠤᠪᠢ ᠨᠡᠮᠡᠷᠢ ᠶᠢ ᠭᠦᠢᠴᠡᠳ ᠢᠯᠡᠷᠡᠭᠦᠯᠪᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠠᠬᠤᠢ ᠪᠠᠶᠢᠳᠠᠯ ᠢ ᠡᠭᠦᠳᠴᠦ᠂ ᠰᠢᠨ᠎ᠡ ᠦᠰᠦᠷᠦᠯᠲᠡ ᠶᠢ | ᠪᠡᠶᠡᠯᠡᠭᠦᠯᠦᠭᠰᠡᠨ ᠢ ᠪᠦᠭᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ ᠪᠦᠲᠦᠭᠡᠯ ᠪᠣᠯᠣᠨ᠎ᠠ᠃ | ᠴᠥᠭᠡᠨ ᠲᠣᠭᠠᠲᠤ ᠦᠨᠳᠦᠰᠦᠲᠡᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠤᠭ ᠤᠨ ᠰᠢᠨ᠎ᠡ ᠬᠥᠭᠵᠢᠯᠲᠡ ᠶᠢ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠨᠠᠮ ᠤᠨ ᠲᠥᠪ | ᠬᠤᠷᠢᠶ᠎ᠠ ᠶᠢᠨ ᠤᠬᠠᠭᠤᠯᠬᠤ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ | ᠣᠷᠴᠢᠭᠤᠯᠭ᠎ᠠ ᠶᠢᠨ ᠲᠣᠪᠴᠢᠶ᠎ᠠ ᠪᠠ ᠦᠨᠳᠦᠰᠦᠲᠡᠨ ᠤ ᠬᠡᠪᠯᠡᠯ ᠤᠨ ᠬᠤᠷᠢᠶ᠎ᠠ ᠶᠢ ᠵᠣᠬᠢᠶᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠦᠨᠳᠦᠰᠦᠲᠡᠨ ᠤ | ᠥᠰᠥᠭ ᠪᠢᠴᠢᠭ ᠤᠨ ᠲᠡᠷᠢᠭᠦᠨ ᠤ ᠲᠤᠰᠬᠠᠢ ᠮᠡᠷᠭᠡᠵᠢᠯᠲᠡᠨ ᠤ ᠪᠦᠯᠭᠦᠮ ᠢ ᠵᠣᠬᠢᠶᠠᠨ ᠪᠠᠶᠢᠭᠤᠯᠵᠤ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠭᠦ | ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢᠨ ᠦᠨᠳᠦᠰᠦᠲᠡᠨ ᠤ ᠥᠰᠥᠭ ᠪᠢᠴᠢᠭ ᠤᠨ ᠬᠡᠪᠯᠡᠯ ᠤᠨ ᠣᠷᠴᠢᠭᠤᠯᠤᠨ ᠬᠡᠪᠯᠡᠭᠦᠯᠬᠦ ᠠᠵᠢᠯ ᠢ | ᠪᠡᠶᠡᠯᠡᠭᠦᠯᠪᠡ᠃ | ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢᠨ ᠦᠨᠳᠦᠰᠦᠲᠡᠨ ᠤ ᠬᠡᠯᠡᠨ ᠤ | ᠬᠡᠪᠯᠡᠯ ᠢ ᠬᠡᠪᠯᠡᠨ ᠲᠠᠷᠬᠠᠭᠠᠭᠰᠠᠨ ᠨᠢ ᠴᠥᠭᠡᠨ ᠲᠣᠭᠠᠲᠤ ᠦᠨᠳᠦᠰᠦᠲᠡᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠤᠯᠠᠮ ᠠᠬᠢᠭᠤᠯᠵᠤ᠂ ︽ | ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ | ᠰᠢᠨ᠎ᠡ ᠠᠶᠠᠨ ᠳᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ | ᠰᠠᠴᠤᠷᠠᠩᠭᠤᠢ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠣᠯᠣᠨ᠎ᠠ᠃ | |