ᠣᠶᠢᠷ᠎ᠠ ᠳᠤ᠂ ᠨᠠᠮ ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ | ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ᠂ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠳᠦᠷᠢᠮ ᠢᠶᠠᠷ ᠦᠨᠳᠦᠰᠦᠨ ᠦᠨᠳᠦᠰᠦᠯᠡᠯ ᠪᠤᠯᠭᠠᠵᠤ᠂ ᠰᠢᠨ᠎ᠡ ᠴᠠᠭ ᠦᠶ᠎ᠡ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ | ᠳ᠋ᠦᠩᠨᠡᠵᠦ᠂ ᠲᠣᠭᠤᠷᠢᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠲᠣᠭᠲᠠᠴᠠ᠂ ᠬᠠᠷᠢᠭᠤᠴᠠᠯᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠬᠦ ᠨᠢ ᠨᠠᠮ ᠤᠨ ᠲᠥᠪ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠲᠣᠭᠤᠷᠢᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠳᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ | ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠤᠬᠠᠭᠤᠯᠤᠨ ᠲᠠᠶᠢᠯᠪᠤᠷᠢᠯᠠᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠠᠳᠬᠤᠵᠤ᠂ ︽ᠳᠦᠷᠢᠮ︾ | ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠡᠭᠦᠷᠭᠡ ᠪᠤᠯᠭᠠᠵᠤ᠂ ᠤᠯᠤᠰ ᠲᠦᠷᠦ ᠶᠢᠨ | ᠬᠢᠨᠠᠯᠲᠠ ᠶᠢ ᠪᠣᠳᠠᠲᠠᠶᠢᠵᠢᠭᠤᠯᠵᠤ᠂ ᠣᠨᠣᠴᠠᠲᠠᠢ ᠪᠤᠯᠭᠠᠵᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠬᠤ ᠲᠠᠯ᠎ᠠ ᠪᠠᠷ ᠦᠨᠡᠨ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠣᠯᠬᠤ ᠶᠢ ᠡᠷᠬᠢᠮᠯᠡᠨ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ | ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠶᠢᠨ | ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠪᠠ ᠪᠤᠰᠤᠳ ᠬᠢᠨᠠᠯᠲᠠ ᠶᠢ ᠨᠡᠪᠲᠡᠷᠡᠭᠦᠯᠦᠨ | ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠᠷ ᠴᠠᠭᠳᠠᠨ | ᠪᠠᠶᠢᠴᠠᠭᠠᠬᠤ ᠶᠢ ᠳᠠᠭᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠤᠨ ᠳᠠᠪᠠᠭᠤᠯᠢᠭ ᠢ ᠪᠠᠳᠠᠷᠠᠭᠤᠯᠵᠤ᠂ ᠬᠢᠨᠠᠯᠲᠠ | ᠲᠠᠯᠪᠢᠬᠤ ᠲᠣᠣᠷ ᠢ ᠪᠠᠲᠤ ᠪᠠᠬᠢ ᠨᠢᠭᠲᠠ ᠰᠦᠯᠵᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠪᠠᠶᠢᠳᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠳᠦᠷᠢᠮ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ | ︵2015 ᠣᠨ ᠤ 6 ᠰᠠᠷ᠎ᠠ ᠶᠢᠨ 26 ᠤ ᠡᠳᠦᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠢᠨᠠᠨ ᠵᠥᠪᠯᠡᠵᠦ | ᠵᠥᠪᠰᠢᠶᠡᠷᠡᠪᠡ 2015 ᠣᠨ ᠤ 8 ᠰᠠᠷ᠎ᠠ ᠶᠢᠨ 3 ᠤ ᠡᠳᠦᠷ ᠨᠠᠮ ᠤᠨ ᠲᠥᠪ ᠬᠤᠷᠢᠶ᠎ᠠ ᠨᠡᠶᠢᠲᠡᠯᠡᠪᠡ 2024 ᠣᠨ ᠤ 1 ᠰᠠᠷ᠎ᠠ ᠶᠢᠨ 31 ᠤ ᠡᠳᠦᠷ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠶᠠᠷᠳᠠᠭᠢ ᠤᠳᠠᠭ᠎ᠠ ᠵᠠᠰᠠᠪᠤᠷᠢ ᠣᠷᠣᠭᠤᠯᠪᠠ 2024 ᠣᠨ ᠤ 2 ᠰᠠᠷ᠎ᠠ ᠶᠢᠨ 8 ᠤ | ᠡᠳᠦᠷ ᠨᠠᠮ ᠤᠨ ᠲᠥᠪ ᠬᠤᠷᠢᠶ᠎ᠠ ᠨᠡᠶᠢᠲᠡᠯᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠲᠣᠭᠤᠷᠢᠨ ᠪᠠᠶᠢᠴᠠᠭᠠᠬᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠳᠦᠷᠢᠮ︾ ᠢ ᠦᠨᠳᠦᠰᠦᠯᠡᠵᠦ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠪᠣᠯ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠳᠣᠣᠷᠠᠳᠤ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠬᠤ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠠᠯᠪᠢᠬᠤ ᠤᠯᠤᠰ ᠲᠦᠷᠦ ᠶᠢᠨ ᠬᠢᠨᠠᠯᠲᠠ | ᠪᠣᠯᠣᠨ᠎ᠠ᠂ ᠦᠨᠳᠦᠰᠦᠨ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠶᠢᠨ | ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠠᠪᠤᠳᠠᠯ ᠪᠣᠯᠣᠨ᠎ᠠ᠃ | ᠲᠣᠭᠤᠷᠢᠨ ᠪᠠᠶᠢᠴᠠᠭᠠᠬᠤ ᠠᠵᠢᠯ ᠳᠤ ᠠᠰᠠᠭᠤᠳᠠᠯ ᠢ ᠢᠯᠡᠷᠡᠭᠦᠯᠬᠦ᠂ ᠰᠦᠷ ᠬᠦᠴᠦᠲᠦ ᠪᠠᠶᠢᠳᠠᠯ ᠢ ᠪᠤᠢ ᠪᠤᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ | ᠬᠥᠭᠵᠢᠯᠲᠡ ᠶᠢ ᠠᠬᠢᠭᠤᠯᠬᠤ ᠴᠢᠭᠯᠡᠯᠲᠡ ᠶᠢ ᠪᠠᠷᠢᠮᠲᠠᠯᠠᠨ᠎ᠠ᠃ | ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ | ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠳᠦᠷᠢᠮ ᠢ ᠡᠷᠬᠢᠮᠯᠡᠨ ᠳᠡᠭᠡᠳᠦᠯᠡᠵᠦ᠂ ᠳᠦᠷᠢᠮ ᠲᠣᠭᠲᠠᠭᠠᠯ ᠶᠣᠰᠣᠭᠠᠷ ᠨᠠᠮ ᠢ | ᠵᠠᠰᠠᠵᠤ᠂ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠶᠢᠨ ᠬᠢᠨᠠᠯᠲᠠ ᠶᠢ | ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ | ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠠᠮ ᠪᠠ | ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ᠂ ᠶᠡᠭᠡ ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ | ᠪᠠᠲᠤᠯᠠᠭ᠎ᠠ ᠬᠠᠩᠭᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠨ᠎ᠠ᠃ | ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠳᠤ ᠳᠣᠣᠷᠠᠬᠢ ᠵᠠᠷᠴᠢᠮ ᠤᠳ ᠢ ᠵᠢᠷᠤᠮᠯᠠᠨ᠎ᠠ᠄ | ︵ᠨᠢᠭᠡ︶ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠨ᠎ᠠ︔ | ︵ᠬᠤᠶᠠᠷ︶ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ︔ | ︵ᠭᠤᠷᠪᠠ︶ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠤᠯᠡᠠ ᠲᠦᠮᠡᠨᠴᠢ ᠱᠤᠭᠤᠮ ᠢ ᠲᠤᠭᠤᠰᠢᠯᠠᠭᠤᠯᠤᠨ᠎ᠠ︔ | ︵ᠳᠥᠷᠪᠡ︶ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ︔ | ︵ᠲᠠᠪᠤ︶ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ | ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠠᠮ ᠤᠨ | ᠵᠣᠬᠢᠶᠠᠨ ᠪᠠᠶᠢᠭᠤᠯᠤᠯᠲᠠ ᠱᠠᠲᠤ ᠬᠤᠪᠢᠶᠠᠨ ᠬᠠᠷᠢᠭᠤᠴᠠᠬᠤ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠠᠮᠵᠢᠯᠴᠠᠬᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠳᠡᠮᠵᠢᠬᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠬᠤ᠂ ᠠᠷᠠᠳ ᠤᠯᠠᠨ ᠣᠷᠤᠯᠴᠠᠬᠤ ᠪᠠᠶᠢᠭᠤᠯᠤᠮᠵᠢ ᠲᠣᠭᠲᠠᠴᠠ ᠶᠢ | ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠨᠠᠮ ᠤᠨ ᠲᠥᠪ ᠬᠤᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠷᠢᠶ᠎ᠠ ᠲᠣᠭᠤᠷᠢᠨ | ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ | ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ | ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ | ᠨᠠᠮ ᠤᠨ ᠬᠤᠷᠢᠶ᠎ᠠ︶ ᠪᠠ ᠲᠥᠪ ᠠᠴᠠ ᠬᠠᠮᠢᠶᠠᠷᠬᠤ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠬᠤ ᠠᠵᠤ ᠠᠬᠤᠶᠢᠯᠠᠯ᠂ ᠲᠥᠪ ᠠᠴᠠ | ᠬᠠᠮᠢᠶᠠᠷᠬᠤ ᠶᠡᠭᠡ ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ᠂ ᠵᠠᠷᠴᠢᠮ ᠳᠡᠭᠡᠷ᠎ᠡ ᠪᠠᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠪᠠ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠳᠣᠣᠷ᠎ᠠ ᠨᠢᠭᠡ ᠱᠠᠲᠤᠨ ᠤ ᠨᠢᠭᠡᠴᠢ ᠶᠢᠨ | ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠨ᠎ᠠ᠃ | ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠶᠢ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠪᠦᠭᠦ ᠲᠠᠯ᠎ᠠ ᠪᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ | ᠭᠠᠷᠳᠠᠴᠠ ᠪᠤᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠰᠤᠳᠤᠯᠤᠨ ᠪᠠᠶᠢᠷᠢᠯᠠᠭᠤᠯᠵᠤ᠂ ᠡᠷᠬᠡ ᠶᠢᠨ ᠬᠡᠪᠴᠢᠶ᠎ᠡ ᠶᠣᠰᠣᠭᠠᠷ ᠲᠣᠭᠤᠷᠢᠨ | ᠪᠠᠶᠢᠴᠠᠭᠠᠬᠤ ᠠᠵᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠬᠲᠠᠭᠠᠨ᠎ᠠ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ ᠦᠶ᠎ᠡ ᠶᠢᠨ ᠡᠭᠦᠷᠭᠡ ᠶᠢᠨ ᠲᠣᠬᠢᠷᠠᠭᠤᠯᠤᠯᠲᠠ ᠶᠢ | ᠬᠢᠨᠠᠨ ᠲᠣᠭᠲᠠᠭᠠᠵᠤ᠂ ᠲᠣᠭᠤᠷᠢᠨ ᠪᠠᠶᠢᠴᠠᠭᠠᠬᠤ ᠠᠵᠢᠯ ᠢ ᠪᠦᠭᠦᠨ ᠢ ᠪᠦᠷᠬᠦᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠤᠷᠢᠨ ᠪᠠᠶᠢᠴᠠᠭᠠᠬᠤ | ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠤᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠴᠢᠩᠭᠠᠳᠬᠠᠨ᠎ᠠ︔ | ︵ᠲᠠᠪᠤ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠠᠵᠢᠯ ᠤᠨ | ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ | ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠭᠢᠭᠤᠯᠤᠨ᠎ᠠ︔ | ︵ᠲᠤᠯᠤᠭ᠎ᠠ︶ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ︔ | | ︵ᠨᠠᠢᠮᠠ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠡᠭᠦᠷᠭᠡᠯᠡᠨ᠎ᠡ᠃ | ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠳᠠᠯᠢ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠬᠠᠷᠢᠭᠤᠴᠠᠬᠤ ᠪᠥᠭᠡᠳ ᠠᠵᠢᠯ ᠢᠶᠠᠨ ᠬᠠᠷᠢᠭᠤ ᠮᠡᠳᠡᠭᠦᠯᠦᠨ᠎ᠡ᠃ | ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠳᠦᠷ ᠳᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠱᠦᠵᠢ | ᠡᠭᠦᠷᠭᠡᠯᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ | ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠡᠭᠦᠷᠭᠡᠯᠡᠨ᠎ᠡ᠃ | ᠲᠥᠪ ᠤᠨ ᠬᠠᠮᠢᠶ᠎ᠠ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ | ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ | ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ | ᠬᠤᠷᠢᠶ᠎ᠠ ᠶᠢᠨ ᠱᠦᠵᠢ ︵ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠪᠠᠶᠢᠭᠤᠯᠤᠭᠰᠠᠨ ᠦᠭᠡᠢ ᠨᠢᠭᠡᠴᠢ ᠶᠢᠨ ᠤᠳᠤᠷᠢᠳᠬᠤ ᠪᠠᠭ ᠤᠨ ᠭᠤᠣᠯ | ᠬᠠᠷᠢᠭᠤᠴᠠᠯᠭᠠᠲᠠᠨ ᠪᠠᠭᠲᠠᠨ᠎ᠠ︶ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ | ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠪᠠᠭ ᠤᠨ ᠪᠦᠷᠢᠯᠳᠦᠭᠦᠨ ᠪᠠ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠡᠭᠦᠷᠭᠡᠯᠡᠨ᠎ᠡ᠃ | ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ ᠦᠶ᠎ᠡ ᠶᠢᠨ ᠡᠭᠦᠷᠭᠡ ᠶᠢᠨ ᠲᠣᠬᠢᠷᠠᠭᠤᠯᠤᠯᠲᠠ ᠶᠢ | ᠰᠤᠳᠤᠯᠤᠨ ᠳᠤᠷᠠᠳᠴᠤ᠂ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠵᠣᠬᠢᠶᠠᠨ ᠪᠠᠶᠢᠭᠤᠯᠤᠨ ᠭᠡᠷᠡᠭᠵᠢᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠳᠥᠷᠪᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠨ᠎ᠡ︔ | ︵ᠲᠠᠪᠤ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ᠂ ᠵᠠᠷᠯᠠᠨ | ᠮᠡᠳᠡᠭᠳᠡᠬᠦ ᠪᠠ ᠰᠢᠯᠵᠢᠭᠦᠯᠦᠨ ᠲᠤᠰᠢᠶᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ | ᠠᠭᠢᠭᠤᠯᠤᠨ᠎ᠠ︔ | ︵ᠵᠢᠷᠭᠤᠭ᠎ᠠ︶ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠵᠢᠯᠣᠭᠤᠳᠤᠨ᠎ᠠ︔ | ︵ᠲᠤᠯᠤᠭ᠎ᠠ︶ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠭᠢᠭᠤᠯᠤᠨ᠎ᠠ︔ | ︵ᠨᠠᠢᠮᠠ︶ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠠᠮᠢᠶᠠᠷᠤᠯᠲᠠ ᠪᠠ | ᠬᠢᠨᠠᠯᠲᠠ ᠲᠠᠯᠪᠢᠨ᠎ᠠ︔ | ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠰᠢᠢᠳᠪᠦᠷᠢᠯᠡᠨ᠎ᠡ᠃ | ᠠᠷᠪᠠᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯ ᠲᠥᠪ ᠤᠨ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠬᠡᠷᠡᠭ ᠡᠷᠭᠢᠯᠡᠭᠦ ᠪᠠᠶᠢᠭᠤᠯᠤᠮᠵᠢ ᠮᠥᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ | ᠭᠠᠷᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠪᠣᠯ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠡᠭᠦᠷᠭᠡᠯᠡᠵᠦ᠂ ᠠᠳᠠᠯᠢ ᠱᠠᠲᠤᠨ ᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠳᠤ ᠭᠠᠷᠭᠠᠨ᠎ᠠ᠃ | ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ | ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ | ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠡᠷᠭᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠤᠰᠠᠭᠠᠷ ᠪᠠᠶᠢᠭᠤᠯᠵᠤ ᠪᠣᠯᠣᠨ᠎ᠠ᠂ ᠪᠠᠰᠠ ᠳᠣᠲᠣᠭᠠᠳᠤ ᠪᠠᠶᠢᠭᠤᠯᠤᠮᠵᠢ ᠲᠠᠢ ᠪᠠᠨ | ᠵᠠᠬᠢᠷᠭ᠎ᠠ ᠨᠡᠶᠢᠯᠡᠭᠦᠯᠦᠨ ᠠᠯᠪᠠᠯᠠᠵᠤ ᠪᠣᠯᠣᠨ᠎ᠠ᠂ ᠵᠣᠬᠢᠬᠤ ᠲᠤᠰᠬᠠᠢ ᠲᠤᠰᠢᠶᠠᠯ ᠤᠨ ᠠᠵᠢᠯᠲᠠᠨ ᠲᠣᠬᠢᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ ᠠᠵᠢᠯ ᠢ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ | ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠯᠪᠣᠭᠳᠠᠯ ᠪᠦᠬᠦᠢ ᠲᠣᠭᠲᠠᠭᠠᠯ ᠤᠨ ᠵᠦᠢᠯᠡᠰ ᠢ ᠱᠠᠯᠠᠪᠳᠠᠭᠤᠯᠤᠨ ᠰᠢᠢᠳᠪᠦᠷᠢᠯᠡᠨ᠎ᠡ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠠᠵᠢᠯ ᠤᠨ ᠪᠠᠶᠢᠳᠠᠯ ᠪᠣᠯᠣᠨ ᠴᠢᠬᠤᠯᠠ ᠵᠦᠢᠯᠡᠰ ᠢ ᠬᠠᠷᠢᠭᠤ ᠮᠡᠳᠡᠭᠦᠯᠦᠨ᠎ᠡ | ︔ | ︵ᠭᠤᠷᠪᠠ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠤᠭᠤᠳᠴᠤ᠂ | ᠪᠠᠲᠤᠯᠠᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ᠂ ᠮᠥᠷᠳᠡᠨ ᠱᠠᠯᠠᠪᠳᠠᠭᠤᠯᠬᠤ᠂ ᠬᠤᠷᠢᠶᠠᠩᠭᠤᠶᠢᠯᠠᠨ ᠬᠠᠷᠢᠭᠤ ᠮᠡᠳᠡᠭᠦᠯᠬᠦ ᠶᠢ ᠬᠠᠷᠢᠭᠤᠴᠠᠨ᠎ᠠ︔ | ︵ᠲᠠᠪᠤ︶ ᠳᠣᠣᠷᠠᠳᠤ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠳᠤ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔ | ︵ᠵᠢᠷᠭᠤᠭ᠎ᠠ︶ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ᠂ ᠳᠡᠮᠵᠢᠯᠭᠡ ᠦᠵᠡᠭᠦᠯᠭᠦ ᠶᠢ | ᠬᠠᠷᠢᠭᠤᠴᠠᠨ ᠵᠣᠬᠢᠴᠠᠭᠤᠯᠵᠤ᠂ ᠲᠣᠭᠤᠷᠢᠨ ᠪᠠᠶᠢᠴᠠᠭᠠᠬᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠪᠣᠳᠠᠲᠠᠢ ᠲᠣᠭᠲᠠᠴᠠ ᠶᠢ | ᠪᠠᠶᠢᠭᠤᠯᠬᠤ ᠶᠢ ᠠᠭᠢᠭᠤᠯᠤᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠣᠨᠣᠯ ᠤᠨ ᠰᠤᠳᠤᠯᠭᠠᠨ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ᠂ ᠳᠦᠷᠢᠮ ᠤᠨ | ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠭᠤᠷᠢᠨ ᠪᠠᠶᠢᠴᠠᠭᠠᠬᠤ ᠺᠠᠳ᠋ᠷ ᠢ ᠬᠥᠮᠥᠵᠢᠭᠦᠯᠬᠦ᠂ ᠪᠤᠯᠪᠠᠰᠤᠷᠠᠭᠤᠯᠬᠤ᠂ ᠬᠢᠨᠠᠨ | ᠰᠢᠯᠭᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ︵ᠠᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠭᠦᠢᠴᠡᠳᠬᠡᠨ᠎ᠡ᠃ | ᠠᠷᠪᠠᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ | ᠳᠤᠭᠤᠶᠢᠯᠠᠩ ᠪᠠᠶᠢᠭᠤᠯᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠳᠤ ᠲᠣᠰ ᠲᠣᠰ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ᠂ ᠲᠣᠭᠤᠷᠢᠨ ᠪᠠᠶᠢᠴᠠᠭᠠᠬᠤ | ᠲᠤᠰᠬᠠᠢ ᠲᠤᠰᠢᠶᠠᠯᠲᠠᠨ ᠪᠠ ᠪᠤᠰᠤᠳ ᠲᠤᠰᠢᠶᠠᠯ ᠤᠨ ᠪᠠᠶᠢᠷᠢ ᠭᠠᠷᠭᠠᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ | ᠳᠠᠷᠤᠭ᠎ᠠ ᠶᠢᠨ ᠪᠣᠳᠠᠲᠠᠢ ᠵᠢᠱᠢᠭᠳᠡᠭᠴᠢ ᠶᠢ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠦᠨᠳᠦᠰᠦᠯᠡᠨ ᠲᠣᠭᠲᠠᠭᠠᠬᠤ ᠶᠢᠨ ᠬᠠᠮᠲᠤ ᠡᠷᠬᠡ ᠣᠯᠭᠤᠨ᠎ᠠ᠃ | | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠶᠣᠰᠣᠭᠠᠷ ᠴᠢᠬᠤᠯᠠ ᠶᠡᠭᠡ ᠵᠦᠢᠯᠡᠰ ᠢ ᠰᠤᠳᠤᠯᠤᠨ | ᠶᠠᠷᠢᠯᠴᠠᠵᠤ ᠲᠣᠭᠲᠠᠭᠠᠬᠤ ᠬᠡᠷᠡᠭᠲᠡᠢ᠃ ᠳᠤᠭᠤᠶᠢᠯᠠᠩ ᠤᠨ ᠳᠠᠷᠤᠭ᠎ᠠ ᠨᠢ ᠲᠤᠰ ᠳᠤᠭᠤᠶᠢᠯᠠᠩ ᠤᠨ ᠢᠶᠠᠨ ᠠᠵᠢᠯ ᠢ ᠪᠦᠭᠦ ᠲᠠᠯ᠎ᠠ ᠪᠠᠷ ᠬᠠᠷᠢᠭᠤᠴᠠᠵᠤ᠂ | ᠳᠤᠭᠤᠶᠢᠯᠠᠩ ᠤᠨ ᠳᠡᠳ᠋ ᠳᠠᠷᠤᠭ᠎ᠠ ᠨᠢ ᠳᠤᠭᠤᠶᠢᠯᠠᠩ ᠤᠨ ᠳᠠᠷᠤᠭ᠎ᠠ ᠪᠠᠨ ᠬᠠᠮᠵᠢᠯᠴᠠᠨ ᠠᠵᠢᠯ ᠥᠷᠨᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ | ᠰᠠᠨᠠᠭᠤᠯᠭ᠎ᠠ ᠳᠤᠷᠠᠳᠤᠨ᠎ᠠ︔ | ︵ᠭᠤᠷᠪᠠ︶ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠢ ᠳᠤ ᠲᠣᠭᠤᠷᠢᠨ | ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠣᠯᠣᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠳᠤ ᠣᠷᠣᠯᠴᠠᠨ᠎ᠠ︔ | ︵ᠳᠥᠷᠪᠡ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠺᠠᠳ᠋ᠷᠴᠤᠳ ᠲᠤ ᠡᠳᠦᠷ ᠳᠤᠳᠤᠮ ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠭᠦᠢᠴᠡᠳᠬᠡᠨ᠎ᠡ᠃ | ᠠᠷᠪᠠᠨ ᠳᠥᠷᠪᠡᠳᠦᠭᠡᠷ ᠵᠦᠢᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠳᠠᠯᠢ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠵᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ | ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠠ ᠨᠢᠭᠡᠴᠢ | ᠲᠣᠭᠤᠷᠢᠨ ᠪᠠᠶᠢᠴᠠᠭᠠᠬᠤ ᠠᠵᠢᠯ ᠢ ᠳᠡᠮᠵᠢᠵᠦ᠂ ᠠᠵᠢᠯᠲᠠᠨ ᠢ ᠰᠣᠩᠭᠤᠨ ᠲᠣᠮᠢᠯᠠᠬᠤ᠂ ᠪᠠᠶᠢᠳᠠᠯ ᠢ ᠮᠡᠳᠡᠭᠳᠡᠬᠦ᠂ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ᠂ | ᠠᠰᠠᠭᠤᠳᠠᠯ ᠢ ᠰᠤᠳᠤᠯᠤᠨ ᠮᠠᠭᠠᠳᠯᠠᠬᠤ᠂ ᠠᠷᠭ᠎ᠠ ᠬᠡᠮᠵᠢᠶ᠎ᠡ ᠶᠢ ᠬᠠᠮᠵᠢᠯᠴᠠᠬᠤ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ᠂ ᠦᠷ᠎ᠡ ᠪᠦᠲᠦᠭᠡᠯ ᠢ | ᠬᠡᠷᠡᠭᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ | ᠬᠤᠷᠢᠶ᠎ᠠ ᠶᠢ ᠬᠠᠮᠵᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ | ᠤᠬᠠᠮᠰᠠᠷ ᠠᠴᠠ ᠪᠠᠨ ᠲᠣᠭᠤᠷᠢᠨ ᠪᠠᠶᠢᠴᠠᠭᠠᠬᠤ ᠬᠢᠨᠠᠯᠲᠠ ᠶᠢ ᠬᠦᠯᠢᠶᠡᠵᠦ᠂ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ | ᠨᠠᠮ ᠤᠨ ᠭᠡᠰᠢᠭᠦᠨ᠂ ᠺᠠᠳ᠋ᠷᠴᠤᠳ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ ᠮᠥᠨ ᠢᠶᠠᠷ ᠨᠢ ᠲᠤᠰᠬᠠᠬᠤ ᠡᠭᠦᠷᠭᠡ ᠲᠠᠢ᠃ | ᠭᠤᠷᠪᠠᠳᠤᠭᠠᠷ ᠪᠦᠯᠦᠭ ᠲᠣᠭᠤᠷᠢᠨ ᠪᠠᠶᠢᠴᠠᠭᠠᠬᠤ ᠡᠲᠡᠭᠡᠳ ᠪᠠ ᠠᠭᠤᠯᠭ᠎ᠠ | ᠠᠷᠪᠠᠨ ᠵᠢᠷᠭᠤᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠡᠲᠡᠭᠡᠳ ᠪᠣᠯ᠄ | ︵ᠨᠢᠭᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠵᠢᠴᠢ ᠲᠡᠭᠦᠨ ᠤ ᠤᠳᠤᠷᠢᠳᠬᠤ ᠪᠠᠭ᠂ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ | ᠬᠠᠷᠢᠭᠤᠴᠠᠯᠭᠠᠲᠠᠨ᠂ ᠳᠡᠳ᠋ ᠮᠤᠵᠢ ᠶᠢᠨ ᠱᠠᠲᠤᠨ ᠤ ᠬᠤᠳᠠ ᠶᠢᠨ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ︔ | ︵ᠬᠤᠶᠠᠷ︶ ᠲᠥᠪ ᠤᠨ ᠶᠠᠮᠤᠨ ᠵᠥᠪᠯᠡᠯ ᠤᠨ ᠤᠳᠤᠷᠢᠳᠬᠤ ᠪᠠᠭ᠂ ᠲᠥᠪ ᠤᠨ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ | ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶︔ | ︵ᠭᠤᠷᠪᠠ︶ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ | ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ ᠲᠥᠪ ᠠᠴᠠ ᠬᠠᠮᠢᠶᠠᠷᠴᠤ ᠪᠠᠶᠢᠭ᠎ᠠ ᠪᠤᠰᠤᠳ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶︔ | ︵ᠳᠥᠷᠪᠡ︶ ᠨᠠᠮ ᠤᠨ ᠲᠥᠪ ᠬᠤᠷᠢᠶ᠎ᠠ ᠠᠴᠠ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ᠃ | ᠠᠷᠪᠠᠨ ᠳᠣᠯᠣᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠡᠲᠡᠭᠡᠳ ᠪᠣᠯ᠄ | ︵ᠨᠢᠭᠡ︶ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶ᠎ᠠ ᠵᠢᠴᠢ ᠲᠡᠭᠦᠨ ᠤ | ᠤᠳᠤᠷᠢᠳᠬᠤ ᠪᠠᠭ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ︵ | ᠲᠤᠰᠬᠠᠢ ᠣᠷᠣᠨ᠂ ᠵᠧᠦ᠂ ᠠᠶᠢᠮᠠᠭ︶ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠰᠢᠶᠠᠨ ︵ᠬᠤᠲᠠ᠂ | ᠲᠣᠭᠤᠷᠢᠭ᠂ ᠬᠤᠰᠢᠭᠤ︶ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ | ᠬᠠᠷᠢᠭᠤᠴᠠᠯᠭᠠᠲᠠᠨ︔ | ︵ᠬᠤᠶᠠᠷ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ | ᠤᠳᠤᠷᠢᠳᠬᠤ ᠪᠠᠭ᠂ ᠮᠤᠵᠢ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ | ︵ᠨᠠᠮ ᠤᠨ ᠬᠤᠷᠢᠶ᠎ᠠ︶︔ | ︵ᠭᠤᠷᠪᠠ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ | ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶︔ | ︵ᠳᠥᠷᠪᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ | ᠪᠤᠰᠤᠳ ᠨᠠᠮ ᠤᠨ ᠵᠣᠬᠢᠶᠠᠨ ᠪᠠᠶᠢᠭᠤᠯᠤᠯᠲᠠ᠃ | ᠠᠷᠪᠠᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ ᠤᠯᠤᠰ ᠲᠦᠷᠦ ᠶᠢᠨ ᠬᠢᠨᠠᠯᠲᠠ ᠶᠢ | ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠳᠣᠣᠷᠠᠬᠢ ᠪᠠᠶᠢᠳᠠᠯ ᠢ ᠭᠤᠣᠯᠳᠠᠯᠭ᠎ᠠ ᠲᠠᠢ | ᠪᠠᠶᠢᠴᠠᠭᠠᠬᠤ ᠬᠡᠷᠡᠭᠲᠡᠢ᠄ | ︵ᠨᠢᠭᠡ︶ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠪᠠᠶᠢᠳᠠᠯ᠂ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ | ᠪᠠᠶᠢᠳᠠᠯ᠂ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠤᠭᠰᠠᠨ ᠪᠠᠶᠢᠳᠠᠯ᠂ | ᠤᠳᠤᠷᠢᠳᠬᠤ ᠺᠠᠳ᠋ᠷᠴᠤᠳ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠦᠭᠰᠡᠨ᠂ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠭᠰᠠᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ᠂ | ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ ᠪᠠᠶᠢᠳᠠᠯ︔ | ︵ᠭᠤᠷᠪᠠ︶ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ | ᠲᠤᠭᠤᠰᠢᠯᠠᠭᠤᠯᠤᠨ ᠬᠡᠷᠡᠭᠵᠢᠭᠦᠯᠵᠦ᠂ ᠤᠳᠤᠷᠢᠳᠬᠤ ᠪᠠᠭ ᠪᠠ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ | ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠵᠢᠴᠢ ᠬᠢᠨᠠᠨ ᠪᠤᠳᠤᠬᠤ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠪᠤᠰᠤᠳ ᠬᠢᠨᠠᠯᠲᠠ | ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠣᠶᠢᠯᠠᠭᠠᠬᠤ ᠪᠠᠷ ᠱᠠᠭᠠᠷᠳᠠᠭᠰᠠᠨ ᠪᠤᠰᠤᠳ | ᠪᠠᠶᠢᠳᠠᠯ᠃ | ᠠᠷᠪᠠ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ | ᠬᠠᠷᠢᠭᠤᠴᠠᠯᠭᠠᠲᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠡᠭᠦᠨ ᠤ ᠨᠠᠮ ᠳᠠᠭᠠᠨ ᠦᠨᠡᠨᠴᠢ ᠰᠢᠳᠤᠷᠭᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠡᠷᠬᠡ ᠪᠠᠨ ᠬᠡᠷᠡᠭᠯᠡᠭᠰᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ | ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠤᠰᠬᠠᠭᠰᠠᠨ ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠵᠤ᠂ ᠲᠤᠰᠬᠠᠢ ᠰᠡᠳᠦᠪᠲᠦ ᠮᠠᠲ᠋ᠧᠷᠢᠶᠠᠯ ᠢ | ᠪᠦᠷᠢᠯᠳᠦᠭᠦᠯᠬᠦ ᠬᠡᠷᠡᠭᠲᠡᠢ᠃ | ᠬᠤᠷᠢᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ | ᠵᠤᠷᠰᠢᠯᠲᠤ ᠲᠣᠭᠤᠷᠢᠨ ᠪᠠᠶᠢᠴᠠᠭᠠᠯᠲᠠ᠂ ᠲᠤᠰᠬᠠᠢ ᠲᠣᠭᠤᠷᠢᠨ ᠪᠠᠶᠢᠴᠠᠭᠠᠯᠲᠠ᠂ ᠬᠥᠳᠡᠯᠦᠩᠭᠦᠢ ᠲᠣᠭᠤᠷᠢᠨ ᠪᠠᠶᠢᠴᠠᠭᠠᠯᠲᠠ᠂ ︽ᠡᠷᠭᠢᠨ ᠬᠠᠷᠠᠬᠤ︾ ᠵᠡᠷᠭᠡ ᠠᠷᠭ᠎ᠠ | ᠭᠡᠯᠪᠡᠷᠢ ᠪᠠᠷ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠂ ᠴᠢᠬᠤᠯᠠᠲᠠᠢ ᠦᠶ᠎ᠡ ᠳᠤ ᠲᠡᠰ ᠳᠡᠪᠰᠢᠭᠦᠯᠵᠦ ᠲᠣᠭᠤᠷᠢᠨ | ᠪᠠᠶᠢᠴᠠᠭᠠᠵᠤ ᠪᠣᠯᠣᠨ᠎ᠠ᠃ | ᠳᠥᠷᠪᠡᠳᠦᠭᠡᠷ ᠪᠦᠯᠦᠭ ᠠᠵᠢᠯ ᠤᠨ ᠳᠡᠰ ᠳᠠᠷᠠᠭᠠᠯᠠᠯ᠂ ᠠᠷᠭ᠎ᠠ ᠭᠡᠯᠪᠡᠷᠢ ᠪᠠ ᠡᠷᠬᠡ ᠮᠡᠳᠡᠯ ᠤᠨ ᠬᠡᠪᠴᠢᠶ᠎ᠡ | ᠬᠤᠷᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠠᠴᠠ ᠡᠮᠦᠨ᠎ᠡ᠂ ᠠᠵᠢᠯ ᠤᠨ ᠬᠡᠷᠡᠭᠴᠡᠭᠡ ᠪᠠᠨ | ᠦᠨᠳᠦᠰᠦᠯᠡᠵᠦ᠂ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ | ᠹᠷᠣᠨᠲ᠂ ᠤᠯᠤᠰ ᠲᠦᠷᠦ ᠬᠠᠤᠯᠢ ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ | ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠶᠢᠨ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ | ᠪᠦᠷᠢᠯᠳᠦᠭᠦᠨ ᠤ ᠲᠤᠬᠠᠢ ᠬᠤᠯᠪᠣᠭᠳᠠᠯ ᠪᠦᠬᠦᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠭᠰᠠᠨ ᠤ ᠲᠠᠷᠠᠭ᠎ᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠡᠭᠦᠷᠭᠡ ᠪᠠᠨ ᠮᠡᠳᠡᠭᠳᠡᠵᠦ᠂ ᠲᠣᠭᠲᠠᠭᠰᠠᠨ ᠠᠵᠢᠯ ᠤᠨ ᠠᠷᠭ᠎ᠠ ᠭᠡᠯᠪᠡᠷᠢ ᠪᠣᠯᠣᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠲᠣᠭᠤᠷᠢᠨ ᠪᠠᠶᠢᠴᠠᠭᠠᠵᠤ ᠣᠶᠢᠯᠠᠭᠠᠬᠤ ᠠᠵᠢᠯ ᠥᠷᠨᠢᠭᠦᠯᠬᠦ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ | ᠪᠦᠷᠢᠯᠳᠦᠭᠦᠨ ᠤ ᠲᠤᠬᠠᠢ ᠲᠤᠰᠬᠠᠭᠰᠠᠨ ᠴᠢᠬᠤᠯᠠ ᠠᠰᠠᠭᠤᠳᠠᠯ ᠪᠠ ᠠᠰᠠᠭᠤᠳᠠᠯ ᠤᠨ ᠰᠦᠪᠡᠭᠴᠢ ᠶᠢ ᠭᠦᠨᠵᠡᠭᠡᠢ ᠣᠶᠢᠯᠠᠭᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠳᠣᠣᠷᠠᠬᠢ ᠠᠷᠭ᠎ᠠ ᠭᠡᠯᠪᠡᠷᠢ ᠪᠠᠷ ᠪᠠᠶᠢᠳᠠᠯ ᠢ ᠣᠶᠢᠯᠠᠭᠠᠨ᠎ᠠ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠪᠠ ᠬᠤᠯᠪᠣᠭᠳᠠᠯ ᠪᠦᠬᠦᠢ ᠪᠠᠶᠢᠭᠤᠯᠭ᠎ᠠ᠂ | ᠰᠠᠯᠠᠭ᠎ᠠ ᠮᠥᠴᠢᠷ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠬᠤ︔ | ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠠ ᠪᠤᠰᠤᠳ ᠺᠠᠳ᠋ᠷ ᠤᠯᠠᠨ | ᠲᠦᠮᠡᠨ ᠲᠠᠢ ᠲᠤᠰᠬᠠᠢ ᠶᠠᠷᠢᠯᠴᠠᠬᠤ︔ | ︵ᠭᠤᠷᠪᠠ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠪᠠ ᠳᠣᠣᠷ᠎ᠠ ᠨᠢᠭᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ᠂ ᠤᠲᠠᠰᠤ᠂ | ᠰᠤᠷᠪᠤᠯᠵᠢᠯᠠᠯ ᠵᠡᠷᠭᠡ ᠶᠢ ᠭᠥᠯᠢᠶᠡᠨ ᠠᠪᠴᠤ ᠰᠢᠢᠳᠪᠦᠷᠢᠯᠡᠭᠦ︔ | ︵ᠳᠥᠷᠪᠡ︶ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠦᠭᠰᠡᠨ ᠪᠠᠶᠢᠳᠠᠯ ᠢ ᠰᠣᠩᠭᠤᠨ ᠪᠠᠶᠢᠴᠠᠭᠠᠵᠤ | ᠬᠢᠨᠠᠨ ᠬᠠᠷᠭᠤᠭᠤᠯᠬᠤ︔ | ︵ᠲᠠᠪᠤ︶ ᠬᠤᠯᠪᠣᠭᠳᠠᠯ ᠪᠦᠬᠦᠢ ᠪᠠᠶᠢᠳᠠᠯ ᠢ ᠮᠡᠳᠡᠬᠦ ᠬᠥᠮᠥᠨ ᠠᠴᠠ ᠪᠠᠶᠢᠳᠠᠯ ᠢ ᠯᠠᠪᠯᠠᠨ ᠠᠰᠠᠭᠤᠬᠤ︔ | ︵ᠵᠢᠷᠭᠤᠭ᠎ᠠ︶ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ ᠤᠨ ᠲᠡᠮᠳᠡᠭᠯᠡᠯ ᠵᠡᠷᠭᠡ ᠮᠠᠲ᠋ᠧᠷᠢᠶᠠᠯ ᠢ ᠰᠢᠯᠵᠢᠭᠦᠯᠦᠨ ᠦᠵᠡᠬᠦ᠂ | ᠪᠠᠭᠤᠯᠭᠠᠬᠤ︔ | ︵ᠲᠤᠯᠤᠭ᠎ᠠ︶ ᠶᠠᠷᠢᠯᠴᠠᠬᠤ ᠬᠤᠷᠠᠯ ᠬᠤᠷᠠᠯᠳᠤᠭᠤᠯᠬᠤ︔ | ︵ᠨᠠᠢᠮᠠ︶ ᠬᠤᠯᠪᠣᠭᠳᠠᠯ ᠪᠦᠬᠦᠢ ᠬᠤᠷᠠᠯ ᠳᠤ ᠰᠤᠯᠠ ᠣᠷᠣᠯᠴᠠᠬᠤ︔ | ︵ᠶᠢᠰᠦ︶ ᠠᠷᠠᠳᠴᠢᠯᠠᠯ ᠢᠶᠠᠷ ᠰᠢᠯᠭᠠᠨ ᠦᠨᠡᠯᠡᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠭᠢᠭᠦ︔ | ︵ᠠᠷᠪᠠ︶ ᠳᠣᠷᠣᠭᠰᠢ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠬᠤ︔ | ︵ᠠᠷᠪᠠᠨ ᠨᠢᠭᠡ︶ ᠲᠤᠰᠬᠠᠢ ᠪᠠᠶᠢᠴᠠᠭᠠᠯᠲᠠ ᠥᠷᠨᠢᠭᠦᠯᠭᠦ︔ | ︵ᠠᠷᠪᠠᠨ ᠬᠤᠶᠠᠷ︶ ᠬᠤᠯᠪᠣᠭᠳᠠᠯ ᠪᠦᠬᠦᠢ ᠨᠢᠭᠡᠴᠢ ᠳᠤ ᠬᠠᠮᠵᠢᠯᠴᠠᠭᠤᠯᠬᠤ ᠪᠠᠷ ᠳᠤᠷᠠᠳᠤᠨ ᠳᠡᠪᠰᠢᠭᠦᠯᠭᠦ︔ | ︵ᠠᠷᠪᠠᠨ ᠭᠤᠷᠪᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠵᠥᠪᠰᠢᠶᠡᠷᠡᠭᠰᠡᠨ ᠪᠤᠰᠤᠳ ᠠᠷᠭ᠎ᠠ | ᠭᠡᠯᠪᠡᠷᠢ᠃ | ᠬᠤᠷᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠣᠭᠤᠷᠢᠨ | ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠪᠠᠶᠢᠳᠠᠯ ᠪᠣᠯᠣᠨ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠠᠵᠢᠯ ᠢᠶᠠᠨ ᠥᠷᠨᠢᠭᠦᠯᠵᠦ᠂ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠡᠪ ᠤᠨ ᠠᠵᠢᠯ ᠳᠤ ᠭᠠᠷ ᠲᠦᠷᠦᠭᠦ ᠦᠭᠡᠢ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ | ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠦᠭᠡᠢ᠃ | ᠬᠤᠷᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ᠂ ᠳᠦᠷᠦ ᠶᠢᠨ ᠪᠣᠳᠣᠯᠭ᠎ᠠ ᠶᠢᠨ | ᠲᠣᠭᠲᠠᠭᠠᠯ ᠢ ᠢᠯᠡᠳᠲᠡ ᠵᠥᠷᠢᠴᠡᠭᠰᠡᠨ ᠪᠥᠭᠡᠳ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠲᠤᠰᠢᠶᠠᠯ ᠤᠨ ᠬᠡᠪᠴᠢᠶᠡᠨ ᠳᠤ | ᠪᠠᠭᠲᠠᠵᠤ᠂ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠲᠣᠭᠤᠷᠢᠨ ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ ᠶᠣᠰᠣᠭᠠᠷ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠵᠠᠯᠠᠷᠠᠭᠤᠯᠬᠤ ᠶᠢ ᠱᠠᠯᠠᠪᠳᠠᠭᠤᠯᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠯ ᠲᠥᠪᠯᠡᠷᠡᠭᠰᠡᠨ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ ᠶᠣᠰᠣᠭᠠᠷ ᠬᠤᠯᠪᠣᠭᠳᠠᠯ ᠪᠦᠬᠦᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠴᠠᠭ ᠲᠤᠬᠠᠢ ᠳᠤᠨᠢ ᠰᠢᠢᠳᠪᠦᠷᠢᠯᠡᠭᠦᠯᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠣᠶᠢᠯᠠᠭᠠᠭᠰᠠᠨ ᠴᠢᠬᠤᠯᠠ ᠪᠠᠶᠢᠳᠠᠯ ᠪᠣᠯᠣᠨ ᠠᠰᠠᠭᠤᠳᠠᠯ ᠳᠤ ᠲᠣᠭᠤᠷᠢᠨ | ᠪᠠᠶᠢᠴᠠᠭᠠᠭᠰᠠᠨ ᠮᠡᠳᠡᠭᠦᠯᠦᠯᠲᠡ ᠪᠦᠷᠢᠯᠳᠦᠭᠦᠯᠬᠦ ᠭᠡᠷᠡᠭᠲᠡᠢ︔ ᠨᠡᠶᠢᠳᠡᠮ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠪᠠᠶᠢᠭᠤᠯᠤᠮᠵᠢ ᠲᠣᠭᠲᠠᠴᠠ ᠵᠡᠷᠭᠡ | ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ ᠲᠤᠰᠬᠠᠢ ᠰᠡᠳᠦᠪᠲᠦ ᠮᠡᠳᠡᠭᠦᠯᠦᠯᠲᠡ ᠪᠦᠷᠢᠯᠳᠦᠭᠦᠯᠵᠦ ᠪᠣᠯᠣᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠲᠤᠰᠬᠠᠢ ᠰᠡᠳᠦᠪᠲᠦ ᠮᠡᠳᠡᠭᠦᠯᠦᠯᠲᠡ ᠵᠡᠷᠭᠡ ᠳᠤ ᠲᠤᠰᠬᠠᠭᠰᠠᠨ | ᠠᠰᠠᠭᠤᠳᠠᠯ ᠳᠤ ᠡᠬᠡ ᠨᠣᠣᠷᠠᠭ ᠪᠢᠴᠢᠬᠦ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ ᠠᠰᠠᠭᠤᠳᠠᠯ᠂ ᠳᠤᠷᠠᠳᠤᠭᠰᠠᠨ ᠴᠡᠭᠴᠡᠯᠡᠨ | ᠰᠠᠶᠢᠵᠢᠷᠠᠭᠤᠯᠬᠤ ᠰᠠᠨᠠᠭᠤᠯᠭ᠎ᠠ ᠶᠢ ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠠᠢ | ᠣᠯᠣᠯᠴᠠᠵᠤ᠂ ᠰᠠᠨᠠᠯ ᠢ ᠨᠢ ᠰᠣᠨᠣᠰᠬᠤ ᠭᠡᠷᠡᠭᠲᠡᠢ︔ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ ᠲᠦᠷᠦ ᠶᠢᠨ ᠪᠣᠳᠣᠯᠭ᠎ᠠ ᠶᠢᠨ | ᠴᠢᠨᠠᠷᠲᠠᠢ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠠᠢ ᠣᠯᠣᠯᠴᠠᠵᠤ᠂ ᠰᠠᠨᠠᠯ ᠢ ᠨᠢ ᠰᠣᠨᠣᠰᠴᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ | ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ | ᠪᠦᠲᠦᠭᠡᠯ ᠢ ᠬᠡᠷᠡᠭᠯᠡᠭᠰᠡᠨ ᠰᠠᠨᠠᠯ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠦᠨ | ᠲᠣᠭᠲᠠᠭᠠᠯᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠵᠦᠢᠯ ᠢ ᠰᠤᠳᠤᠯᠤᠨ ᠲᠣᠭᠲᠠᠭᠠᠬᠤ ᠬᠡᠷᠡᠭᠲᠡᠢ᠃ ᠴᠢᠬᠤᠯᠠᠲᠠᠢ ᠦᠶ᠎ᠡ ᠳᠤ᠂ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠢᠭᠤᠳ ᠰᠣᠨᠣᠰᠴᠤ ᠪᠣᠯᠣᠨ᠎ᠠ᠃ | ᠬᠤᠷᠢ ᠶᠢᠰᠦᠳᠦᠭᠡᠷ ᠵᠦᠢᠯ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠲᠤᠰ ᠲᠤᠰ ᠬᠠᠷᠢᠭᠤ ᠲᠤᠰᠬᠠᠵᠤ᠂ ᠠᠰᠠᠭᠤᠳᠠᠯ ᠢ | ᠵᠢᠭᠠᠨ ᠭᠠᠷᠭᠠᠵᠤ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠬᠡᠷᠡᠭᠲᠡᠢ᠃ | ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠣᠭᠤᠷᠢᠨ ᠪᠠᠶᠢᠴᠠᠭᠠᠭᠰᠠᠨ ᠬᠤᠯᠪᠣᠭᠳᠠᠯ | ᠪᠦᠬᠦᠢ ᠪᠠᠶᠢᠳᠠᠯ ᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠲᠡᠭᠦᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ ᠮᠡᠳᠡᠭᠳᠡᠨ᠎ᠡ᠃ | ᠭᠤᠴᠢᠳᠤᠭᠠᠷ ᠵᠦᠢᠯ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠠ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ | ᠪᠠᠶᠢᠴᠠᠭᠠᠬᠤ ᠳᠤᠭᠤᠶᠢᠯᠠᠩ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠪᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ | ᠳᠡᠰ ᠳᠠᠷᠠᠭᠠᠯᠠᠯ ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠤᠶᠤ ᠬᠤᠯᠪᠣᠭᠳᠠᠯ | ᠪᠦᠬᠦᠢ ᠨᠢᠭᠡᠴᠢ ᠳᠤ ᠲᠤᠰ ᠲᠤᠰ ᠰᠢᠯᠵᠢᠭᠦᠯᠦᠨ ᠲᠤᠰᠢᠶᠠᠨ᠎ᠠ᠃ | ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠣᠯᠣᠨ ᠪᠠᠶᠢᠭᠤᠯᠤᠮᠵᠢ ᠲᠣᠭᠲᠠᠴᠠ ᠵᠡᠷᠭᠡ | ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ ᠲᠣᠭᠤᠷᠢᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠪᠤᠶᠤ ᠪᠤᠰᠤᠳ ᠵᠣᠬᠢᠰᠲᠠᠢ ᠠᠷᠭ᠎ᠠ ᠭᠡᠯᠪᠡᠷᠢ ᠶᠢ ᠠᠪᠴᠤ᠂ | ᠬᠤᠯᠪᠣᠭᠳᠠᠯ ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠳᠦᠷᠢᠮ ᠢ ᠪᠦᠷᠢᠨᠰᠢᠭᠦᠯᠬᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃ | ᠭᠤᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠵᠡᠷᠭᠡ ᠪᠠᠶᠢᠳᠠᠯ ᠢ | ᠵᠣᠬᠢᠰᠲᠠᠢ ᠠᠷᠭ᠎ᠠ ᠭᠡᠯᠪᠡᠷᠢ ᠪᠠᠷ ᠢᠯᠡ ᠪᠤᠯᠭᠠᠵᠤ᠂ ᠨᠠᠮ ᠤᠨ ᠭᠡᠰᠢᠭᠦᠨ᠂ ᠺᠠᠳ᠋ᠷ ᠪᠣᠯᠣᠨ ᠠᠷᠠᠳ ᠤᠯᠠᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ | ᠭᠤᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ | ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠭᠤᠰᠤᠯᠴᠠᠭᠤᠯᠵᠤ᠂ ᠤᠳᠤᠷᠢᠳᠬᠤ ᠪᠠᠭ ᠪᠣᠯᠣᠨ ᠺᠠᠳ᠋ᠷ ᠤᠨ | ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ | ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠳᠤ ᠲᠣᠬᠢᠷᠠᠭᠤᠯᠤᠯᠲᠠ ᠬᠢᠭᠰᠡᠨ | ᠪᠠᠶᠢᠪᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠤᠯᠭᠠᠯᠴᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠣᠯᠣᠭᠰᠠᠨ ᠡᠳᠦᠷ ᠠᠴᠠ ᠡᠬᠢᠯᠡᠨ᠂ 6 ᠰᠠᠷ᠎ᠠ ᠶᠢᠨ ᠬᠤᠭᠤᠴᠠᠭ᠎ᠠ ᠲᠠᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠢ᠄ | ︵ᠨᠢᠭᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ | ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ | ᠬᠢᠵᠠᠭᠠᠷ ᠢ ᠲᠣᠳᠣᠷᠬᠠᠶᠢᠯᠠᠨ᠎ᠠ︔ | ︵ᠬᠤᠶᠠᠷ︶ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ | ᠬᠤᠷᠠᠯᠳᠤᠭᠤᠯᠤᠨ᠎ᠠ︔ | ︵ᠭᠤᠷᠪᠠ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ | ᠰᠠᠶᠢᠲᠤᠷ ᠠᠳᠬᠤᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠵᠢᠴᠢ ᠣᠯᠠᠨ ᠲᠦᠮᠡᠨ ᠤ ᠲᠤᠰᠬᠠᠭᠰᠠᠨ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠨᠠᠷᠢᠨ ᠬᠢᠨᠠᠮᠠᠭᠠᠢ ᠰᠢᠶ᠋ᠳᠪᠦᠷᠢᠯᠡᠨ᠎ᠡ︔ | ︵ᠲᠠᠪᠤ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠳᠦᠷᠢᠮ ᠢ ᠪᠦᠷᠢᠨᠰᠢᠭᠦᠯᠵᠦ᠂ | ᠳᠤᠲᠠᠭᠤᠳᠠᠯ ᠢ ᠨᠥᠬᠦᠪᠦᠷᠢᠯᠡᠨ᠂ ᠠᠯᠳᠠᠰᠢ ᠭᠠᠷᠬᠤ ᠶᠢ ᠬᠤᠷᠢᠬᠯᠠᠨ᠎ᠠ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠲᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ | ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠠᠬᠠᠨ ᠰᠢᠢᠳᠪᠦᠷᠢᠯᠡᠭᠡᠳᠦᠢ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠪᠣᠳᠠᠲᠠᠢ ᠪᠠᠶᠢᠳᠠᠯ ᠢᠶᠠᠨ | ᠦᠨᠳᠦᠰᠦᠯᠡᠨ ᠳᠠᠷᠠᠭᠠᠴᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠨᠢ ᠮᠡᠳᠡᠭᠦᠯᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠡᠭᠦᠷᠭᠡᠯᠡᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠨᠠᠶᠢᠳᠠᠪᠤᠷᠢᠵᠢᠭᠤᠯᠬᠤ ᠳᠤ ᠪᠦᠭᠦ ᠲᠠᠯ᠎ᠠ ᠪᠠᠷ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠥᠰᠥᠯ ᠢ ᠬᠢᠨᠠᠨ ᠬᠠᠷᠭᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠰᠤᠯᠠ ᠣᠷᠣᠯᠴᠠᠨ᠎ᠠ︔ | ︵ᠬᠤᠶᠠᠷ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠡᠬᠡ ᠲᠠᠩᠰᠠ ᠪᠠᠶᠢᠭᠤᠯᠵᠤ᠂ ᠬᠠᠷᠢᠭᠤ ᠮᠡᠳᠡᠭᠦᠯᠦᠯᠲᠡ ᠶᠢ | ᠰᠣᠨᠣᠰᠬᠤ᠂ ᠠᠬᠢᠭᠤᠯᠬᠤ ᠬᠤᠷᠠᠯ ᠬᠤᠷᠠᠯᠳᠤᠭᠤᠯᠬᠤ᠂ ᠲᠤᠰᠬᠠᠢ ᠰᠡᠳᠦᠪ ᠢᠶᠠᠷ ᠵᠥᠪᠳᠡᠯᠴᠡᠬᠦ᠂ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ᠂ | ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠬᠢᠬᠦ᠂ ᠴᠡᠭᠴᠡᠯᠡᠨ ᠰᠠᠶᠢᠵᠢᠷᠠᠭᠤᠯᠵᠤ ᠦᠨᠡᠯᠡᠨ ᠵᠢᠱᠢᠯᠲᠡ ᠥᠷᠨᠢᠭᠦᠯᠬᠦ᠂ ᠶᠠᠷᠢᠯᠴᠠᠨ ᠰᠠᠨᠠᠭᠤᠯᠬᠤ᠂ ᠪᠣᠯᠵᠣᠨ ᠶᠠᠷᠢᠯᠴᠠᠵᠤ | ᠵᠠᠬᠢᠳᠠᠯ ᠢᠶᠠᠷ ᠠᠰᠠᠭᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ | ᠲᠤᠲᠤᠮ ᠤᠨ ᠬᠢᠨᠠᠯᠲᠠ ᠪᠠᠨ ᠴᠢᠩᠭᠠᠳᠬᠠᠨ᠎ᠠ︔ | ︵ᠭᠤᠷᠪᠠ︶ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠶᠢᠨ ᠲᠣᠪᠤᠶᠢᠮ᠎ᠠ ᠠᠰᠠᠭᠤᠳᠠᠯ ᠳᠤ | ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠠᠵᠢᠯ ᠥᠷᠨᠢᠭᠦᠯᠬᠦ ᠶᠢ ᠱᠠᠯᠠᠪᠳᠠᠭᠤᠯᠤᠨ ᠠᠭᠢᠭᠤᠯᠤᠨ᠎ᠠ︔ | ︵ᠳᠥᠷᠪᠡ︶ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ | ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠣᠯᠣᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ ᠲᠤᠰᠬᠠᠨ᠎ᠠ︔ | ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ | ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠬᠢᠨᠠᠨ ᠬᠠᠷᠭᠤᠭᠤᠯᠤᠨ᠎ᠠ︔ | ︵ᠵᠢᠷᠭᠤᠭ᠎ᠠ︶ ᠲᠣᠮᠢᠯᠠᠨ ᠰᠠᠭᠤᠯᠭᠠᠭᠰᠠᠨ ︵ᠲᠣᠮᠢᠯᠠᠭᠰᠠᠨ︶ ᠪᠠᠶᠢᠭᠤᠯᠤᠮᠵᠢ ᠪᠠ ᠳᠣᠣᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢ ᠵᠢᠯᠣᠭᠤᠳᠤᠨ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠳᠠᠮᠵᠢᠭᠤᠯᠤᠨ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠡᠳᠦᠷ ᠲᠤᠳᠤᠮ ᠤᠨ | ᠬᠢᠨᠠᠯᠲᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠪᠠᠯ ᠵᠣᠬᠢᠨ᠎ᠠ᠃ | ᠭᠤᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ | ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠥᠰᠥᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠳᠤ ᠣᠷᠣᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠨ᠎ᠠ︔ | ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠳᠦᠷ ᠳᠤᠳᠤᠮ ᠤᠨ ᠬᠢᠨᠠᠯᠲᠠ ᠶᠢ | ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ | ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠳᠤᠷᠢᠳᠬᠤ ᠪᠠᠭ ᠤᠨ | ᠪᠠᠶᠢᠭᠤᠯᠤᠯᠲᠠ ᠪᠣᠯᠣᠨ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠶᠢᠨ ᠴᠢᠬᠤᠯᠠ ᠯᠠᠪᠯᠠᠯᠲᠠ | ᠪᠤᠯᠭᠠᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠤᠳᠤᠷᠢᠳᠬᠤ ᠪᠠᠭ ᠤᠨ ᠪᠠᠶᠢᠭᠤᠯᠤᠯᠲᠠ᠂ ᠠᠷᠠᠳᠴᠢᠯᠠᠯ ᠲᠥᠪᠯᠡᠷᠡᠯ ᠤᠨ ᠶᠣᠰᠣ ᠶᠢ | ᠲᠤᠭᠤᠰᠢᠯᠠᠭᠤᠯᠤᠨ ᠬᠡᠷᠡᠭᠵᠢᠭᠦᠯᠬᠦ᠂ ᠺᠠᠳ᠋ᠷ ᠢ ᠰᠣᠩᠭᠤᠨ ᠳᠡᠪᠰᠢᠭᠦᠯᠵᠦ ᠬᠡᠷᠡᠭᠯᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠵᠡᠷᠭᠡ ᠲᠠᠯ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠢ ᠣᠯᠣᠭᠰᠠᠨ ᠡᠳᠦᠷ ᠠᠴᠠ | ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ | ᠪᠠᠶᠢᠳᠠᠯ ᠢ ᠬᠠᠷᠢᠭᠤ ᠲᠤᠰᠬᠠᠨ᠎ᠠ︔ | ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ | ᠪᠠᠶᠢᠳᠠᠯ ᠤᠨ ᠮᠡᠳᠡᠭᠦᠯᠦᠯᠲᠡ ᠳᠠᠬᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠲᠠᠯ᠎ᠠ ᠳᠤ ᠬᠤᠯᠪᠣᠭᠳᠠᠭᠰᠠᠨ ᠠᠭᠤᠯᠭ᠎ᠠ ᠶᠢ | ᠬᠢᠨᠠᠨ ᠬᠠᠷᠭᠤᠭᠤᠯᠤᠨ᠎ᠠ︔ | ︵ᠵᠢᠷᠭᠤᠭ᠎ᠠ︶ ᠳᠣᠣᠷᠠᠳᠤ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠢ ᠵᠢᠭᠠᠨ ᠵᠢᠯᠤᠭᠤᠳᠴᠤ ᠪᠠᠶᠢᠭᠠᠳ ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ | ᠴᠢᠩᠭᠠᠳᠬᠠᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠳᠠᠮᠵᠢᠭᠤᠯᠤᠨ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠭᠤᠴᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠡᠷᠡᠭᠯᠡᠵᠦ᠂ ᠲᠣᠭᠤᠷᠢᠨ ᠪᠠᠶᠢᠴᠠᠭᠠᠵᠤ ᠵᠠᠷᠯᠠᠨ ᠮᠡᠳᠡᠭᠳᠡᠭᠰᠡᠨ ᠠᠰᠠᠭᠤᠳᠠᠯ ᠪᠠ ᠰᠢᠯᠵᠢᠭᠦᠯᠦᠨ ᠲᠤᠰᠢᠶᠠᠭᠰᠠᠨ ᠠᠵᠢᠯ ᠤᠨ | ᠰᠠᠨᠠᠭᠤᠯᠭ᠎ᠠ ᠳᠤ ᠴᠢᠭᠯᠡᠭᠦᠯᠦᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠥᠭᠡᠷᠡᠴᠢᠯᠡᠯᠲᠡ ᠶᠢ | ᠠᠬᠢᠭᠤᠯᠤᠨ᠂ ᠳᠦᠷᠢᠮ ᠢ ᠲᠡᠭᠦᠯᠳᠡᠷᠵᠢᠭᠦᠯᠵᠦ᠂ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠵᠡᠷᠭᠡ ᠪᠠᠷ ᠵᠠᠷᠯᠠᠨ ᠮᠡᠳᠡᠭᠳᠡᠭᠰᠡᠨ ᠪᠠ ᠰᠢᠯᠵᠢᠭᠦᠯᠦᠨ ᠲᠤᠰᠢᠶᠠᠭᠰᠠᠨ | ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ | ᠠᠬᠢᠴᠠ ᠶᠢᠨ ᠪᠠᠶᠢᠳᠠᠯ ᠢᠶᠠᠨ ᠬᠠᠷᠢᠭᠤ ᠲᠤᠰᠬᠠᠨ᠎ᠠ᠃ | ᠭᠤᠴᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ | ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠵᠥᠪᠳᠡᠯᠴᠡᠬᠦ᠂ | ᠦᠨᠡᠯᠡᠨ ᠵᠢᠱᠢᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠣᠭᠤᠷᠢᠨ ᠪᠠᠶᠢᠴᠠᠭᠠᠬᠤ ᠪᠠᠶᠢᠭᠤᠯᠤᠮᠵᠢ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠪᠠ ᠦᠷ᠎ᠡ ᠪᠦᠲᠦᠭᠡᠯ ᠢ ᠬᠡᠷᠡᠭᠯᠡᠭᠰᠡᠨ ᠶᠡᠷᠦᠩᠬᠡᠶᠢᠯᠡᠭᠰᠡᠨ ᠪᠠᠶᠢᠳᠠᠯ ᠢᠶᠠᠨ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠪᠠᠶᠢᠭ᠎ᠠ | ᠲᠣᠪᠤᠶᠢᠮ᠎ᠠ ᠠᠰᠠᠭᠤᠳᠠᠯ ᠢ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠪᠠ | ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠠᠬᠢᠭᠤᠯᠪᠠᠯ ᠵᠣᠬᠢᠨ᠎ᠠ᠃ | ᠵᠢᠷᠭᠤᠳᠤᠭᠠᠷ ᠪᠦᠯᠦᠭ ᠡᠩᠨᠡᠭᠡᠨ ᠤ ᠪᠠᠶᠢᠭᠤᠯᠤᠯᠲᠠ | ᠭᠤᠴᠢ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠪᠦᠬᠦᠯᠢ ᠴᠣᠭᠴᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ | ᠣᠨᠴᠠᠯᠢᠭ ᠲᠠᠢ ᠤᠶᠠᠯᠳᠤᠭᠤᠯᠤᠨ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠺᠠᠳ᠋ᠷ ᠤᠨ | ᠡᠩᠨᠡᠭᠡ ᠶᠢ ᠪᠠᠶᠢᠭᠤᠯᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ | ᠲᠣᠭᠤᠷᠢᠨ ᠪᠠᠶᠢᠴᠠᠭᠠᠬᠤ ᠡᠭᠦᠷᠭᠡ ᠲᠠᠢ ᠵᠣᠬᠢᠴᠠᠭᠰᠠᠨ ᠲᠤᠰᠬᠠᠢ ᠲᠤᠰᠢᠶᠠᠯᠲᠤ ᠺᠠᠳ᠋ᠷ ᠢ ᠲᠣᠬᠢᠷᠠᠭᠤᠯᠵᠤ᠂ ᠬᠠᠷᠠᠭᠠᠯᠵᠠᠬᠤ ᠴᠢᠨᠠᠷᠲᠠᠢ ᠲᠣᠬᠢᠷᠠᠭᠤᠯᠤᠯᠲᠠ ᠶᠢ | ᠰᠡᠷᠭᠡᠶᠢᠯᠡᠨ᠎ᠡ᠃ ᠲᠣᠭᠤᠷᠢᠨ ᠪᠠᠶᠢᠴᠠᠭᠠᠬᠤ ᠺᠠᠳ᠋ᠷ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠥᠮᠥᠵᠢᠭᠦᠯᠦᠨ ᠪᠤᠯᠪᠠᠰᠤᠷᠠᠭᠤᠯᠬᠤ᠂ ᠠᠵᠢᠯ ᠤᠨ ᠪᠠᠶᠢᠷᠢ | ᠡᠭᠡᠯᠵᠢᠯᠡᠭᠦᠯᠦᠨ ᠰᠣᠯᠢᠯᠴᠠᠬᠤ ᠡᠷᠴᠢᠮ ᠢ ᠴᠢᠩᠭᠠᠷᠠᠭᠤᠯᠤᠨ᠎ᠠ᠃ | ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠺᠠᠳ᠋ᠷ ᠢ ᠢᠯᠡᠷᠡᠭᠦᠯᠬᠦ᠂ ᠬᠥᠮᠥᠵᠢᠭᠦᠯᠬᠦ᠂ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠰᠢᠯᠢᠳᠡᠭ | ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠢ ᠲᠥᠯᠥᠪᠯᠡᠭᠡ ᠲᠠᠢ ᠪᠠᠷ ᠲᠣᠬᠢᠷᠠᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠣᠴᠢᠭᠤᠯᠵᠤ | ᠳᠠᠪᠲᠠᠨ ᠪᠤᠯᠪᠠᠰᠤᠷᠠᠭᠤᠯᠬᠤ ᠶᠢᠨ ᠵᠡᠷᠭᠡ ᠪᠠᠷ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠬᠰᠠᠨ ᠥᠩᠭᠡᠷᠡᠯᠲᠡ ᠪᠠ ᠢᠯᠡᠷᠡᠯ ᠢ ᠺᠠᠳ᠋ᠷ ᠢ ᠬᠢᠨᠠᠨ ᠰᠢᠯᠭᠠᠵᠤ ᠦᠨᠡᠯᠡᠬᠦ | ᠂ ᠰᠣᠩᠭᠤᠨ ᠳᠡᠪᠰᠢᠭᠦᠯᠵᠦ ᠬᠡᠷᠡᠭᠯᠡᠬᠦ ᠶᠢᠨ ᠯᠠᠪᠯᠠᠯᠲᠠ ᠪᠣᠯᠭᠠᠨ᠎ᠠ᠃ | ᠳᠥᠴᠢᠳᠦᠭᠡᠷ ᠵᠦᠢᠯ ᠲᠣᠭᠤᠷᠢᠨ ᠪᠠᠶᠢᠴᠠᠭᠠᠬᠤ ᠺᠠᠳ᠋ᠷ ᠳᠣᠣᠷᠠᠬᠢ ᠨᠥᠬᠦᠴᠡᠯ ᠤᠳ ᠢ ᠪᠦᠷᠢᠯᠳᠦᠭᠦᠯᠪᠡᠯ ᠵᠣᠬᠢᠨ᠎ᠠ᠄ | ︵ᠨᠢᠭᠡ︶ ᠬᠦᠰᠡᠯᠡᠩ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠭᠡᠷᠡᠭᠲᠡᠢ︔ | ︵ᠬᠤᠶᠠᠷ︶ ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠤᠯᠢ ᠶᠣᠰᠣᠭᠠᠷ | ᠠᠵᠢᠯᠯᠠᠵᠤ᠂ ᠲᠥᠪ ᠭᠤᠣᠯᠴᠢ᠂ ᠠᠷᠢᠭᠤᠨ ᠴᠢᠬᠡᠴᠢ ᠪᠠᠶᠢᠬᠤ ᠭᠡᠷᠡᠭᠲᠡᠶ︔ | ︵ᠭᠤᠷᠪᠠ︶ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠱᠢᠶᠡᠴᠢ ᠪᠠᠷ ᠵᠢᠷᠤᠮᠯᠠᠨ ᠰᠠᠬᠢᠵᠤ᠂ ᠨᠠᠮ ᠪᠠ ᠤᠯᠤᠰ ᠤᠨ | ᠨᠢᠭᠤᠴᠠ ᠶᠢ ᠴᠢᠩᠭ᠎ᠠ ᠬᠠᠮᠠᠭᠠᠯᠠᠬᠤ ᠭᠡᠷᠡᠭᠳᠠᠢ︔ | ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠤᠰᠬᠠᠢ ᠮᠡᠷᠭᠡᠵᠢᠯ ᠤᠨ ᠮᠡᠳᠡᠯᠭᠡ ᠪᠠ ᠨᠡᠯᠢᠶᠡᠳ | ᠴᠢᠩᠭ᠎ᠠ ᠠᠰᠠᠭᠤᠳᠠᠯ ᠢ ᠢᠯᠡᠷᠡᠭᠦᠯᠬᠦ᠂ ᠣᠯᠣᠯᠴᠠᠨ ᠵᠣᠬᠢᠴᠠᠭᠤᠯᠬᠤ᠂ ᠦᠰᠦᠭ ᠪᠢᠴᠢᠭ ᠤᠨ ᠶᠡᠷᠦᠩᠬᠡᠶᠢᠯᠡᠭᠰᠡᠨ ᠵᠡᠷᠭᠡ ᠴᠢᠳᠠᠪᠤᠷᠢ ᠲᠠᠢ ᠪᠠᠶᠢᠬᠤ ᠭᠡᠷᠡᠭᠳᠠᠢ︔ | ︵ᠲᠠᠪᠤ︶ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠪᠠ ᠰᠡᠳᠬᠢᠴᠡ ᠶᠢᠨ ᠬᠡᠪ ᠪᠣᠯᠪᠠᠰᠤᠷᠠᠯ ᠲᠠᠢ | ᠪᠠᠶᠢᠬᠤ ᠬᠡᠷᠡᠭᠲᠡᠢ᠃ | ᠠᠵᠢᠯᠲᠠᠨ ᠢ ᠰᠣᠩᠭᠤᠵᠤ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠭᠤᠯᠬᠤ ᠳᠠᠭᠠᠨ ᠳᠡᠭᠡᠷ᠎ᠡ ᠳᠤᠷᠠᠳᠤᠭᠰᠠᠨ ᠨᠥᠬᠦᠴᠡᠯ ᠤᠨ ᠶᠣᠰᠣᠭᠠᠷ ᠤᠯᠤᠰ | ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ | ᠠᠳᠬᠤᠵᠤ᠂ ᠵᠢᠷᠤᠮ ᠶᠣᠰᠣᠭᠠᠷ ᠨᠠᠮ ᠤᠨ ᠰᠤᠷᠲᠠᠯ ᠴᠢᠬᠡᠴᠢ ᠵᠠᠰᠠᠭ ᠤᠨ ᠲᠤᠬᠠᠢ ᠰᠠᠨᠠᠯ ᠬᠤᠷᠢᠶᠠᠪᠠᠯ ᠵᠣᠬᠢᠨ᠎ᠠ᠃ | ᠲᠣᠭᠤᠷᠢᠨ ᠪᠠᠶᠢᠴᠠᠭᠠᠬᠤ ᠠᠵᠢᠯ ᠢ ᠬᠢᠬᠦ ᠳᠤ ᠲᠣᠬᠢᠷᠠᠬᠤ ᠦᠭᠡᠢ ᠬᠥᠮᠥᠰ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠪᠡᠯ ᠵᠣᠬᠢᠨ᠎ᠠ᠃ | ᠳᠥᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠰᠤᠷᠲᠠᠯ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠣᠭᠤᠷᠢᠨ ᠪᠠᠶᠢᠴᠠᠭᠠᠬᠤ ᠺᠠᠳ᠋ᠷᠴᠤᠳ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ | ᠰᠠᠬᠢᠬᠤ ᠶᠢ ᠱᠠᠯᠠᠪᠳᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠲᠦᠷᠦᠭᠦᠯᠡᠨ ᠡᠰᠡᠷᠭᠦᠴᠡᠵᠦ᠂ ᠲᠣᠭᠤᠷᠢᠨ ᠪᠠᠶᠢᠴᠠᠭᠠᠬᠤ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ | ᠴᠢᠳᠠᠮᠠᠭᠠᠢ ᠪᠠᠷ ᠲᠡᠮᠡᠴᠡᠬᠦ ᠶᠢ ᠪᠡᠶᠡᠯᠡᠭᠦᠯᠦᠨ᠎ᠡ᠃ | ᠳᠥᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ ᠺᠠᠳ᠋ᠷᠴᠤᠳ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠢᠨᠠᠯᠲᠠ᠂ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ ᠤ ᠬᠢᠨᠠᠯᠲᠠ ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷ ᠪᠡᠶ᠎ᠡ ᠶᠢᠨ | ᠬᠢᠨᠠᠯᠲᠠ ᠲᠠᠯᠪᠢᠬᠤ ᠶᠢ ᠲᠦᠷᠦᠭᠦᠯᠡᠨ ᠴᠢᠩᠭᠠᠳᠬᠠᠪᠠᠯ ᠵᠣᠬᠢᠨ᠎ᠠ᠃ ᠳᠣᠲᠣᠭᠠᠳᠤ ᠡᠵᠡᠮᠳᠡᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠤᠷᠢᠨ | ᠪᠠᠶᠢᠴᠠᠭᠠᠬᠤ ᠺᠠᠳ᠋ᠷ ᠢᠯᠠᠩᠭᠤᠶ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ | ᠬᠥᠮᠥᠰ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠶᠢᠯᠠᠬᠤ᠂ ᠨᠢᠭᠤᠴᠠ ᠶᠢ ᠬᠠᠮᠠᠭᠠᠯᠠᠬᠤ᠂ ᠴᠢᠬᠤᠯᠠ ᠶᠡᠭᠡ ᠵᠦᠢᠯᠡᠰ ᠲᠤ ᠵᠢᠭᠠᠪᠤᠷᠢ ᠠᠪᠴᠤ ᠮᠡᠳᠡᠭᠦᠯᠬᠦ᠂ | ᠣᠪᠣᠷ ᠰᠤᠷᠲᠠᠯ ᠰᠠᠬᠢᠯᠭ᠎ᠠ ᠪᠠᠲᠤ ᠶᠢ ᠦᠨᠡᠯᠡᠨ ᠵᠢᠱᠢᠬᠦ ᠵᠡᠷᠭᠡ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠥᠷᠨᠢᠭᠦᠯᠦᠨ᠎ᠡ᠃ | ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ ᠺᠠᠳ᠋ᠷ ᠤᠨ ᠳᠦᠷᠢᠮ ᠲᠣᠭᠲᠠᠭᠠᠯ ᠠᠴᠠ | ᠵᠥᠷᠢᠴᠡᠭᠰᠡᠨ ᠰᠠᠬᠢᠯᠭ᠎ᠠ ᠪᠠᠲᠤ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠳᠣᠯᠣᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠳᠥᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠤᠳᠤᠷᠢᠳᠤᠭᠰᠠᠨ ᠦᠭᠡᠢ ᠠᠴᠠ ᠪᠣᠯᠵᠤ᠂ ᠬᠦᠨᠳᠦ ᠨᠣᠴᠢᠲᠠᠢ | ᠠᠰᠠᠭᠤᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠤᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠳᠥᠴᠢᠨ ᠳᠥᠷᠪᠡᠳᠦᠭᠡᠷ ᠵᠦᠢᠯ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠪᠣᠯᠣᠨ ᠨᠢᠭᠡᠴᠢ ᠲᠣᠭᠲᠠᠭᠠᠯ ᠢ ᠵᠥᠷᠢᠴᠡᠨ ᠲᠣᠭᠤᠷᠢᠨ ᠪᠠᠶᠢᠴᠠᠭᠠᠬᠤ | ᠠᠵᠢᠯ ᠢ ᠬᠠᠮᠵᠢᠨ ᠳᠡᠮᠵᠢᠭᠰᠡᠨ ᠦᠭᠡᠢ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ | ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠳᠥᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯᠲᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠦᠢᠯᠡ ᠪᠠᠶᠢᠳᠠᠯ ᠤᠨ | ᠬᠦᠨᠳᠦ ᠬᠥᠩᠭᠡᠨ ᠢ ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ | ᠢᠳᠬᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ ᠶᠠᠯ᠎ᠠ | ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠣᠯᠵᠤ ᠮᠡᠳᠡᠪᠡᠯ ᠵᠣᠬᠢᠬᠤ ᠴᠢᠬᠤᠯᠠ ᠠᠰᠠᠭᠤᠳᠠᠯ ᠢ ᠣᠯᠵᠤ ᠮᠡᠳᠡᠭᠰᠡᠨ ᠦᠭᠡᠢ︔ | ︵ᠬᠤᠶᠠᠷ︶ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠦᠭᠡᠢ᠂ ᠪᠣᠳᠠᠲᠤ ᠬᠡᠷᠡᠭ ᠢ ᠨᠢᠭᠤᠨ ᠳᠠᠯᠳᠠᠯᠠᠵᠤ᠂ | ᠭᠠᠵᠢᠭᠤᠳᠠᠭᠤᠯᠵᠤ᠂ ᠬᠤᠳᠠᠯ ᠢᠶᠠᠷ ᠵᠣᠭᠢᠶᠠᠬᠤ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠦᠯᠡᠳᠡᠭᠡᠨ ᠬᠠᠳᠠᠭᠠᠯᠠᠵᠤ᠂ ᠲᠣᠭᠤᠷᠢᠨ ᠪᠠᠶᠢᠴᠠᠭᠠᠬᠤ ᠠᠵᠢᠯ ᠲᠠᠢ | ᠬᠤᠯᠪᠣᠭᠳᠠᠬᠤ ᠤᠯᠤᠰ ᠤᠨ ᠨᠢᠭᠤᠴᠠ᠂ ᠠᠵᠢᠯ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠵᠡᠷᠭᠡ ᠨᠡᠶᠢᠲᠡᠯᠡᠭᠡᠳᠦᠢ ᠮᠡᠳᠡᠭᠡ | ᠵᠠᠩᠭᠢ ᠶᠢ ᠵᠠᠳᠠᠷᠠᠭᠤᠯᠬᠤ︔ | ︵ᠳᠥᠷᠪᠡ︶ ᠠᠵᠢᠯ ᠤᠨ ᠳᠤᠮᠳᠠ ᠪᠠᠨ ᠡᠷᠬᠡ ᠶᠢᠨ ᠬᠡᠪᠴᠢᠶᠡᠨ ᠠᠴᠠ ᠪᠠᠨ ᠳᠠᠪᠠᠭᠠᠳ ᠮᠠᠭᠤ ᠦᠷ᠎ᠡ ᠳ᠋ᠦᠩ ᠭᠠᠷᠭᠠᠬᠤ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠲᠦᠭᠦᠮ ᠢᠶᠠᠨ ᠠᠰᠢᠭᠯᠠᠨ ᠬᠤᠪᠢ ᠶᠢᠨ ᠠᠰᠢᠭ ᠣᠯᠬᠤ ᠪᠤᠶᠤ ᠪᠤᠰᠤᠳ ᠬᠥᠮᠥᠨ ᠳᠤ ᠵᠦᠢ ᠪᠤᠰᠤ ᠠᠰᠢᠭ | ᠣᠯᠭᠤᠬᠤ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠠᠵᠢᠯᠯᠠᠭ᠎ᠠ᠃ | ᠳᠥᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠲᠠᠳ ᠲᠤ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠤᠰ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠤᠶᠤ ᠪᠤᠰᠤᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠰᠢᠭᠦᠮᠵᠢᠯᠡᠨ ᠰᠤᠷᠭᠠᠬᠤ᠂ | ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ | ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠨᠢᠭᠤᠨ ᠳᠠᠯᠳᠠᠯᠠᠵᠤ ᠮᠡᠳᠡᠭᠦᠯᠬᠦ ᠦᠭᠡᠢ ᠪᠤᠶᠤ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠳᠠᠯ ᠬᠠᠭᠤᠷᠮᠠᠭ ᠪᠠᠶᠢᠳᠠᠯ ᠢ ᠬᠠᠨᠭ᠍ᠭᠠᠬᠤ︔ | ︵ᠬᠤᠶᠠᠷ︶ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠠᠩᠭᠠᠬᠤ ᠶᠢ ᠲᠡᠪᠴᠢᠬᠦ ᠪᠤᠶᠤ ᠱᠠᠭᠠᠷᠳᠠᠯᠭ᠎ᠠ | ᠶᠣᠰᠣᠭᠠᠷ ᠬᠠᠩᠭᠠᠬᠤ ᠦᠭᠡᠢ︔ | ︵ᠭᠤᠷᠪᠠ︶ ᠬᠤᠯᠪᠣᠭᠳᠠᠯ ᠪᠦᠬᠦᠢ ᠨᠢᠭᠡᠴᠢ ᠪᠤᠶᠤ ᠬᠥᠮᠥᠰ ᠢ ᠵᠢᠭᠠᠨ ᠳᠣᠬᠢᠵᠤ᠂ ᠠᠯᠪᠠᠳᠠᠨ ᠵᠠᠷᠯᠢᠭᠳᠠᠵᠤ ᠪᠠᠶᠢᠭᠠᠳ ᠲᠣᠭᠤᠷᠢᠨ ᠪᠠᠶᠢᠴᠠᠭᠠᠬᠤ ᠠᠵᠢᠯ ᠳᠤ | ᠭᠠᠷ ᠲᠦᠷᠦᠭᠦ᠂ ᠬᠠᠷᠰᠢᠯᠠᠬᠤ ᠪᠤᠶᠤ ᠪᠤᠰᠤᠳ ᠢ ᠭᠦᠳᠬᠡᠨ ᠵᠠᠭᠠᠯᠳᠤᠵᠤ᠂ ᠬᠤᠣᠷᠯᠠᠬᠤ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ ᠨᠢ ᠬᠦᠴᠦᠨ ᠦᠭᠡᠢ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠭᠦᠢᠴᠡᠳ ᠦᠭᠡᠢ᠂ ᠬᠠᠰᠢ ᠶᠠᠰᠢ ᠪᠠᠷ ᠠᠷᠭᠠᠴᠠᠭᠠᠵᠤ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ︔ | ︵ᠲᠠᠪᠤ︶ ᠠᠰᠠᠭᠤᠳᠠᠯ ᠢ ᠲᠤᠰᠬᠠᠭᠰᠠᠨ ᠺᠠᠳ᠋ᠷ ᠤᠯᠠᠨ ᠲᠦᠮᠡᠨ ᠢ ᠰᠦᠷᠳᠡᠭᠦᠯᠵᠦ᠂ ᠴᠣᠬᠢᠯᠲᠠ ᠥᠭᠴᠦ᠂ ᠥᠰᠢᠶ᠎ᠡ ᠠᠪᠴᠤ᠂ ᠬᠤᠣᠷᠯᠠᠬᠤ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠦᠭᠡᠢ ᠪᠤᠶᠤ ᠬᠠᠷᠰᠢᠯᠠᠭᠰᠠᠨ ᠪᠤᠰᠤᠳ ᠪᠠᠶᠢᠳᠠᠯ᠃ | ᠨᠠᠢᠮᠠᠳᠤᠭᠠᠷ ᠪᠦᠯᠦᠭ ᠴᠠᠭᠳᠠᠨ ᠪᠠᠶᠢᠴᠠᠭᠠᠬᠤ ᠠᠵᠢᠯ | ᠳᠥᠴᠢᠨ ᠳᠣᠯᠣᠳᠤᠭᠠᠷ ᠵᠦᠢᠯ ᠨᠠᠮ ᠤᠨ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠪᠣᠯᠣᠨ ᠰᠢᠶᠠᠨ ︵ᠬᠤᠳᠠ᠂ ᠲᠣᠭᠤᠷᠢᠭ᠂ ᠬᠤᠰᠢᠭᠤ︶ ᠤ | ᠬᠤᠷᠢᠶ᠎ᠠ ᠴᠠᠭᠳᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠴᠠᠭᠳᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠵᠤ᠂ ᠨᠢᠭᠡ ᠲᠤᠰᠢᠶᠠᠯ ᠤᠨ ᠬᠤᠭᠤᠴᠠᠭᠠᠨ ᠳᠤ | ᠬᠠᠮᠢᠶᠠᠷᠴᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠬᠤ ᠠᠵᠢᠯ ᠥᠷᠨᠢᠭᠦᠯᠬᠦ ᠴᠢᠬᠤᠯᠠᠲᠠᠢ ᠪᠠᠶᠢᠪᠠᠯ᠂ ᠳᠡᠭᠡᠳᠦ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠳᠠᠮᠵᠢᠭᠤᠯᠤᠨ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠳᠤ ᠮᠡᠳᠡᠭᠦᠯᠵᠦ ᠵᠥᠪᠰᠢᠶᠡᠷᠡᠭᠦᠯᠪᠡᠯ ᠵᠣᠬᠢᠨ᠎ᠠ᠃ | ᠳᠥᠴᠢᠨ ᠨᠠᠢᠮᠠᠳᠤᠭᠠᠷ ᠵᠦᠢᠯ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠬᠤ ᠡᠲᠡᠭᠡᠳ ᠪᠣᠯ᠄ | ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠬᠤᠳᠠ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ | ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠬᠠᠮᠢᠶᠠᠷᠴᠤ | ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠶᠢᠨ | ᠴᠠᠭᠳᠠᠨ ᠪᠠᠶᠢᠴᠠᠭᠠᠬᠤ ᠶᠢ ᠱᠠᠭᠠᠷᠳᠠᠭᠰᠠᠨ ᠨᠠᠮ ᠤᠨ ᠪᠤᠰᠤᠳ ᠵᠣᠬᠢᠶᠠᠨ ᠪᠠᠶᠢᠭᠤᠯᠤᠯᠲᠠ ᠪᠣᠯᠣᠨ᠎ᠠ᠃ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠬᠤ ᠡᠲᠡᠭᠡᠳ ᠪᠣᠯ᠄ ᠨᠠᠮ ᠤᠨ ᠬᠤᠷᠢᠶ᠎ᠠ ᠶᠢᠨ ᠠᠵᠢᠯ ᠤᠨ | ᠰᠠᠯᠠᠭ᠎ᠠ ᠮᠥᠴᠢᠷ ᠤᠨ ᠤᠳᠤᠷᠢᠳᠬᠤ ᠪᠠᠭ᠂ ᠰᠢᠶᠠᠨ ᠤ ᠱᠠᠲᠤᠨ ᠤ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠬᠠᠷᠢᠶ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ | ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠠᠴᠠ ᠴᠠᠭᠳᠠᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ᠎ᠠ᠃ | ᠳᠥᠴᠢ ᠶᠢᠰᠦᠳᠦᠭᠡᠷ ᠵᠦᠢᠯ ᠴᠠᠭᠳᠠᠨ ᠪᠠᠶᠢᠴᠠᠭᠠᠬᠤ ᠠᠵᠢᠯ ᠨᠢ ᠤᠯᠤᠰ ᠲᠦᠷᠦ ᠶᠢᠨ ᠬᠢᠨᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠳᠤ ᠠᠩᠬᠠᠷᠤᠯ ᠢᠶᠠᠨ | ᠲᠥᠪᠯᠡᠷᠡᠭᠦᠯᠦᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠪᠠᠯ ᠵᠣᠬᠢᠨ᠎ᠠ᠃ | ᠲᠠᠪᠢᠳᠤᠭᠠᠷ ᠵᠦᠢᠯ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠠᠵᠢᠯ ᠤᠨ | ᠲᠡᠰ ᠳᠠᠷᠠᠭᠠᠯᠠᠯ ᠪᠠ ᠠᠷᠭ᠎ᠠ ᠭᠡᠯᠪᠡᠷᠢ ᠶᠢᠨ ᠡᠷᠬᠡ ᠶᠢᠨ ᠬᠡᠪᠴᠢᠶ᠎ᠡ᠂ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ᠂ ᠡᠩᠨᠡᠭᠡ ᠶᠢᠨ ᠪᠠᠶᠢᠭᠤᠯᠤᠯᠲᠠ᠂ | ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠲᠤᠰ ᠳᠦᠷᠢᠮ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠲᠣᠭᠲᠠᠭᠠᠯ ᠢᠶᠠᠷ ᠯᠠᠪᠯᠠᠯᠲᠠ ᠪᠤᠯᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠨ ᠨᠢᠭᠡᠳᠦᠭᠡᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ ᠢ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠠᠴᠠ ᠲᠤᠰ ᠳᠦᠷᠢᠮ ᠢᠶᠠᠷ ᠯᠠᠪᠯᠠᠯᠲᠠ ᠪᠤᠯᠭᠠᠵᠤ ᠲᠣᠭᠲᠠᠭᠠᠨ᠎ᠠ᠃ | ᠲᠠᠪᠢᠨ ᠬᠤᠶᠠᠳᠤᠭᠠᠷ ᠵᠦᠢᠯ ᠲᠤᠰ ᠳᠦᠷᠢᠮ ᠢ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠲᠠᠪᠢᠨ ᠭᠤᠷᠪᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ ᠡᠮᠦᠨ᠎ᠡ ᠨᠡᠶᠢᠲᠡᠯᠡᠭᠰᠡᠨ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠪᠤᠰᠤᠳ ᠲᠣᠭᠲᠠᠭᠠᠯ ᠳᠤ᠂ ᠲᠤᠰ ᠳᠦᠷᠢᠮ ᠲᠠᠢ ᠨᠢᠭᠡᠳᠦᠯ ᠦᠭᠡᠢ ᠪᠠᠶᠢᠪᠠᠯ ᠲᠤᠰ ᠳᠦᠷᠢᠮ ᠤᠨ ᠶᠣᠰᠣᠭᠠᠷ ᠬᠡᠷᠡᠭᠵᠢᠭᠦᠯᠦᠨ᠎ᠡ᠃ | | |