ᠲᠦᠷᠦᠯ ᠵᠦᠢᠯ ᠤᠨ ᠨᠡᠷᠡᠶᠢᠳᠦᠯ᠄ ᠡᠷᠳᠡᠨᠢ ᠰᠢᠰᠢ | ᠡᠭᠦᠯᠳᠡᠷ ᠤᠨ ᠨᠡᠷᠡᠶᠢᠳᠦᠯ᠄ ᠶᠢᠨ ᠢᠦᠢ 509 | ᠤᠯᠤᠰ ᠤᠨ ᠲᠠᠰ ᠤᠨ ᠬᠢᠨᠠᠨ ᠲᠣᠭᠲᠠᠭᠠᠯᠲᠠ ᠶᠢᠨ ᠳ᠋ᠤᠭᠠᠷᠯᠠᠯ᠄ ᠴᠤᠸᠠᠨ ᠱᠧᠨ ᠢᠦᠢ 2011 017 | ᠡᠭᠦᠯᠳᠡᠷ ᠤᠨ ᠢᠷᠡᠯᠲᠡ᠄ ᠰᠧᠴᠤᠸᠠᠨ ᠤ ᠰᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠥᠪᠡᠷ ᠢᠶᠠᠨ ᠰᠣᠩᠭᠤᠵᠤ ᠥᠪᠡᠷ ᠢᠶᠠᠨ ᠰᠣᠯᠢᠯᠴᠠᠬᠤ | ᠰᠠᠯᠪᠤᠷᠢ ᠶᠢᠨ WXF122 ᠢᠶᠠᠷ ᠡᠬᠡ ᠦᠨᠳᠦᠰᠦ ᠪᠣᠯᠭᠠᠵᠤ᠂ ᠥᠪᠡᠷ ᠢᠶᠠᠨ ᠰᠣᠩᠭᠤᠵᠤ ᠥᠪᠡᠷ ᠢᠶᠠᠨ ᠰᠣᠯᠢᠯᠴᠠᠬᠤ ᠰᠠᠯᠪᠤᠷᠢ ᠶᠢᠨ WXF112 ᠢᠶᠠᠷ | ᠡᠴᠢᠭᠡ ᠦᠨᠳᠦᠰᠦ ᠶᠢᠨ ᠲᠣᠬᠢᠷᠠᠭᠤᠯᠭ᠎ᠠ ᠪᠠᠷ ᠪᠤᠶᠢᠵᠢᠭᠤᠯᠵᠠᠢ᠃ | ᠰᠣᠩᠭᠤᠨ ᠪᠤᠶᠢᠵᠢᠭᠤᠯᠬᠤ ᠨᠢᠭᠡᠴᠡ᠄ ᠰᠧᠴᠤᠸᠠᠨ ᠤ ᠰᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ | ᠥᠪᠡᠷᠮᠢᠴᠡ ᠣᠨᠴᠠᠯᠢᠭ ᠰᠢᠨᠵᠢ | ᠬᠠᠪᠤᠷ ᠤᠨ ᠲᠠᠷᠢᠶᠠᠯᠠᠭ᠎ᠠ ᠶᠢᠨ ᠪᠥᠬᠦ ᠦᠷᠡᠵᠢᠯ ᠤᠨ ᠬᠤᠭᠤᠴᠠᠭ᠎ᠠ ᠨᠢ 115 ᠡᠳᠦᠷ ᠪᠠᠶᠢᠵᠤ᠂ ᠴᠦᠸᠠᠨ ᠳ᠋ᠠᠨ 13 ᠲᠠᠢ ᠬᠠᠷᠢᠴᠠᠭᠤᠯᠪᠠᠯ ᠠᠳᠠᠯᠢᠪᠳᠤᠷ᠃ | ᠨᠢᠭᠡᠳᠦᠭᠡᠷ ᠨᠠᠪᠴᠢᠨ ᠤ ᠳᠤᠭᠲᠤᠢ ᠨᠢ ᠭᠦᠢᠬᠡᠨ ᠬᠦᠷᠡᠩ ᠥᠩᠭᠡᠲᠡᠢ᠂ ᠨᠢᠭᠡᠳᠦᠭᠡᠷ ᠨᠠᠪᠴᠢᠨ ᠤ ᠦᠵᠦᠭᠦᠷ ᠤᠨ ᠬᠡᠯᠪᠡᠷᠢ ᠨᠢ ᠬᠠᠯᠪᠠᠭᠠᠨ ᠬᠡᠯᠪᠡᠷᠢ ᠲᠠᠢ ᠠᠴᠠ | ᠲᠣᠭᠤᠷᠢᠭ ᠬᠡᠯᠪᠡᠷᠢ ᠲᠠᠢ᠃ ᠰᠠᠭᠤᠷᠢ ᠨᠢ 220cm ᠥᠨᠳᠥᠷ᠂ ᠲᠦᠷᠦᠭᠦᠦ ᠶᠢᠨ ᠪᠠᠶᠢᠷᠢ ᠨᠢ 77cm ᠥᠨᠳᠥᠷ᠂ ᠰᠠᠭᠤᠷᠢᠯᠠᠭᠰᠠᠨ ᠨᠠᠪᠴᠢᠨ ᠤ ᠲᠤᠭ᠎ᠠ ᠨᠢ | 20 ᠣᠷᠴᠢᠮ ᠪᠠᠶᠢᠳᠠᠭ︔ ᠨᠠᠪᠴᠢᠨ ᠤ ᠢᠯᠲᠠᠰᠤ ᠪᠠ ᠡᠰᠢ ᠰᠦᠷᠡᠯ ᠤᠨ ᠥᠨᠴᠥᠭ ᠲᠤ ᠡᠰᠢ ᠶᠢᠨ ︽之︾ ᠦᠰᠦᠭ ᠤᠨ ᠬᠡᠮᠵᠢᠶ᠎ᠡ ᠨᠢ ᠪᠠᠭᠤᠷᠠᠢ᠂ | ᠨᠠᠪᠴᠢᠨ ᠤ ᠳᠤᠭᠲᠤᠢ ᠨᠢ ᠨᠣᠭᠤᠭᠠᠨ ᠥᠩᠭᠡ ᠲᠠᠢ᠃ ᠡᠷ᠎ᠡ ᠲᠦᠷᠦᠭᠦᠦ ᠶᠢᠨ ᠨᠢᠭᠡᠳᠦᠭᠡᠷ ᠳᠡᠰ ᠤᠨ ᠬᠠᠵᠠᠭᠤ ᠰᠠᠯᠠᠭ᠎ᠠ ᠶᠢᠨ ᠲᠤᠭ᠎ᠠ ᠨᠢ ᠣᠯᠠᠨ᠂ ᠡᠷ᠎ᠡ | ᠲᠦᠷᠦᠭᠦᠦ ᠶᠢᠨ ᠭᠤᠣᠯ ᠲᠡᠩᠭᠡᠯᠢᠭ ᠪᠠ ᠰᠠᠯᠠᠭ᠎ᠠ ᠶᠢᠨ ᠥᠨᠴᠥᠭ ᠲᠤ ᠡᠷ᠎ᠡ ᠲᠦᠷᠦᠭᠦᠦ ᠶᠢᠨ ᠬᠠᠵᠠᠭᠤ ᠰᠠᠯᠠᠭ᠎ᠠ ᠶᠢᠨ ᠳᠦᠷᠰᠦ ᠪᠠᠶᠢᠳᠠᠯ ᠨᠢ ᠬᠥᠩᠭᠡᠨ ᠳᠣᠷᠣᠭᠰᠢ | ᠮᠤᠷᠦ᠋ᠢᠵᠤ᠂ ᠡᠷ᠎ᠡ ᠲᠦᠷᠦᠭᠦᠦ ᠶᠢᠨ ᠬᠠᠮᠤᠭ ᠥᠨᠳᠥᠷ ᠪᠠᠶᠢᠷᠢ ᠶᠢᠨ ᠬᠠᠵᠠᠭᠤ ᠰᠠᠯᠠᠭ᠎ᠠ ᠠᠴᠠ ᠳᠡᠭᠡᠭᠰᠢᠬᠢ ᠭᠤᠣᠯ ᠲᠡᠩᠭᠡᠯᠢᠭ ᠤᠨ ᠣᠷᠳᠣ ᠨᠢ ᠤᠷᠲᠤ᠂ ᠡᠷ᠎ᠡ | ᠲᠦᠷᠦᠭᠦᠦ ᠶᠢᠨ ᠬᠠᠯᠢᠰᠤᠨ ᠢᠯᠲᠠᠰᠤ ᠶᠢᠨ ᠰᠠᠭᠤᠷᠢ ᠬᠡᠰᠡᠭ ᠨᠢ ᠨᠣᠭᠤᠭᠠᠨ ᠥᠩᠭᠡ ᠲᠠᠢ᠂ ᠬᠠᠯᠢᠰᠤᠨ ᠢᠯᠲᠠᠰᠤ ᠶᠢᠨ ᠰᠠᠭᠤᠷᠢ ᠬᠡᠰᠡᠭ ᠠᠴᠠ ᠭᠠᠳᠠᠨᠠᠬᠢ | ᠥᠩᠭᠡ ᠨᠢ ᠨᠣᠭᠤᠭᠠᠨ᠂ ᠴᠡᠴᠡᠭ ᠤᠨ ᠡᠮ ᠤᠨ ᠥᠩᠭᠡ ᠨᠢ ᠭᠦᠢᠬᠡᠨ ᠪᠣᠷᠣ᠂ ᠴᠡᠴᠡᠭ ᠤᠨ ᠰᠢᠷᠬᠡᠭ ᠤᠨ ᠥᠩᠭᠡ ᠨᠢ ᠭᠦᠢᠬᠡᠨ ᠪᠣᠷᠣ ᠪᠠᠶᠢᠳᠠᠭ᠃ ᠵᠢᠮᠢᠰ ᠤᠨ | ᠲᠦᠷᠦᠭᠦᠦ ᠶᠢᠨ ᠬᠡᠯᠪᠡᠷᠢ ᠨᠢ ᠳᠤᠮᠳᠠ ᠬᠡᠯᠪᠡᠷᠢ ᠲᠠᠢ᠂ ᠲᠦᠷᠦᠭᠦᠦ ᠶᠢᠨ ᠤᠷᠳᠦ ᠨᠢ 20.1cm ᠪᠠᠶᠢᠵᠤ᠂ ᠲᠦᠷᠦᠭᠦᠦ ᠶᠢᠨ ᠮᠥᠷ ᠨᠢ 16 ᠮᠥᠷ᠂ ᠮᠥᠷ | ᠪᠦᠷᠢ ᠶᠢᠨ ᠮᠥᠬᠦᠯᠢᠭ ᠨᠢ 34 ᠮᠥᠬᠦᠯᠢᠭ᠂ ᠮᠢᠩᠭᠠᠨ ᠮᠥᠬᠦᠯᠢᠭ ᠪᠦᠷᠢ ᠶᠢᠨ ᠬᠦᠨᠳᠦ ᠨᠢ 301 ᠭᠷᠡᠮ᠂ ᠦᠷ᠎ᠡ ᠭᠠᠷᠬᠤ ᠨᠤᠷᠮ᠎ᠠ ᠨᠢ 83.7%᠂ ᠦᠷ᠎ᠡ ᠶᠢᠨ | ᠮᠥᠬᠦᠯᠢᠭ ᠤᠨ ᠲᠦᠷᠦᠯ ᠵᠦᠢᠯ ᠨᠢ ᠮᠣᠷᠢᠨ ᠰᠢᠳᠦ ᠶᠢᠨ ᠬᠡᠯᠪᠡᠷᠢᠲᠠᠢ᠂ ᠦᠷ᠎ᠡ ᠶᠢᠨ ᠮᠥᠬᠦᠯᠢᠭ ᠤᠨ ᠣᠷᠣᠢ ᠶᠢᠨ ᠬᠡᠰᠡᠭ ᠨᠢ ᠭᠤᠣᠯᠳᠠᠭᠤ ᠰᠢᠷ᠎ᠠ ᠦᠩᠭᠡᠲᠡᠢ᠂ | ᠦᠷ᠎ᠡ ᠶᠢᠨ ᠮᠥᠬᠦᠯᠢᠭ ᠤᠨ ᠠᠷᠤ ᠲᠠᠯ᠎ᠠ ᠶᠢᠨ ᠥᠩᠭᠡ ᠨᠢ ᠵᠦᠷᠵᠢ ᠶᠢᠨ ᠰᠢᠷ᠎ᠠ ᠦᠩᠭᠡᠲᠡᠢ᠂ ᠲᠦᠷᠦᠭᠦᠦ ᠶᠢᠨ ᠲᠡᠩᠭᠡᠯᠢᠭ ᠤᠨ ᠬᠠᠯᠢᠰᠤ ᠨᠢ ᠶᠠᠭᠠᠨ ᠥᠩᠭᠡᠲᠡᠢ᠂ | ᠦᠷ᠎ᠡ ᠶᠢᠨ ᠮᠥᠬᠦᠯᠢᠭ ᠤᠨ ᠵᠢᠭᠰᠠᠯ ᠨᠢ ᠠᠰᠬᠠᠨ ᠪᠠᠶᠢᠳᠠᠭ᠃ ᠦᠷ᠎ᠡ ᠶᠢᠨ ᠮᠥᠬᠦᠯᠢᠭ ᠤᠨ ᠪᠠᠭᠲᠠᠭᠠᠮᠵᠢ ᠶᠢᠨ ᠬᠦᠨᠳᠦ ᠨᠢ 718g/L᠂ ᠪᠦᠳᠦᠭᠦᠯᠢᠭ | ᠤᠭᠤᠷᠠᠭ ᠤᠨ ᠠᠭᠤᠯᠤᠭᠳᠠᠴᠠ ᠨᠢ 8.9%᠂ ᠪᠦᠳᠦᠭᠦᠯᠢᠭ ᠥᠭᠡᠬᠦ ᠶᠢᠨ ᠠᠭᠤᠯᠤᠭᠳᠠᠴᠠ ᠨᠢ 4.0%᠂ ᠪᠦᠳᠦᠭᠦᠯᠢᠭ ᠴᠠᠷᠳᠠᠭᠤᠯ ᠤᠨ ᠠᠭᠤᠯᠤᠭᠳᠠᠴᠠ ᠨᠢ 73. | 2%᠂ ᠯᠢᠰᠢᠨ ᠰᠢᠪᠲᠦᠷᠲᠦ ᠬᠦᠴᠢᠯ ᠤᠨ ᠠᠭᠤᠯᠤᠭᠳᠠᠴᠠ ᠨᠢ 0.32% ᠪᠠᠶᠢᠳᠠᠭ᠃ ᠲᠠᠷᠢᠯᠭ᠎ᠠ ᠶᠢᠨ ᠰᠢᠯᠭᠠᠨ ᠲᠣᠭᠲᠠᠭᠠᠯᠲᠠ ᠪᠠᠷ ᠳᠠᠮᠵᠢᠨ᠂ ᠲᠣᠮᠣ ᠲᠣᠯᠪᠣᠲᠤ | ᠡᠪᠡᠳᠴᠢᠨ᠂ ᠵᠢᠵᠢᠭ ᠲᠣᠯᠪᠣᠲᠤ ᠡᠪᠡᠳᠴᠢᠨ᠂ ᠬᠡ ᠬᠤᠪᠠᠭ᠋ᠠᠶᠢᠷᠠᠬᠤ ᠡᠪᠡᠳᠴᠢᠨ᠂ ᠰᠢᠷᠬᠡᠭ ᠨᠢ ᠬᠠᠷᠠᠤ ᠡᠪᠡᠳᠴᠢᠨ᠂ ᠡᠰᠢ ᠨᠢ ᠢᠯᠵᠢᠷᠡᠬᠦ ᠡᠪᠡᠳᠴᠢᠨ ᠢ | ᠡᠰᠡᠷᠭᠦᠴᠡᠳᠡᠭ᠃ | ᠬᠠᠪᠤᠷ ᠤᠨ ᠲᠠᠷᠢᠶᠠᠯᠠᠭ᠎ᠠ ᠪᠠ ᠣᠷᠣᠢ ᠵᠤᠨ ᠤ ᠲᠠᠷᠢᠶᠠᠯᠠᠭ᠎ᠠ ᠳᠤ ᠲᠣᠬᠢᠷᠠᠮᠵᠢᠲᠠᠢ᠂ ᠮᠦ ᠪᠦᠷᠢ ᠳᠤ 3000-3200 ᠰᠠᠭᠤᠷᠢ ᠳᠠᠷᠢᠪᠠᠯ ᠲᠣᠬᠢᠷᠠᠮᠵᠢᠲᠠᠢ | ᠪᠠᠶᠢᠳᠠᠭ︔ ᠰᠠᠭᠤᠷᠢ ᠪᠣᠷᠳᠣᠭᠤᠷ ᠢ ᠬᠦᠨᠳᠦ ᠣᠷᠣᠭᠤᠯᠵᠤ᠂ ᠡᠷᠲᠡ ᠠᠴᠠ ᠨᠡᠮᠡᠯᠲᠡ ᠪᠣᠷᠳᠣᠭᠤᠷ ᠢ ᠣᠷᠣᠭᠤᠯᠵᠤ᠂ ᠪᠠᠭᠯᠠᠭᠴᠢ ᠪᠣᠷᠳᠣᠭᠤᠷ ᠢ ᠤᠷᠠᠨ ᠢᠶᠠᠷ | ᠣᠷᠣᠭᠤᠯᠵᠤ᠂ ᠣᠷᠭᠠᠨᠢᠭ ᠪᠣᠷᠳᠣᠭᠤᠷ ᠢᠶᠠᠷ ᠭᠤᠣᠯᠯᠠᠵᠤ᠂ ᠠᠽᠣᠲ᠂ ᠹᠣᠰᠹᠣᠷ᠂ ᠺᠠᠯᠢ ᠶᠢ ᠵᠣᠬᠢᠰᠲᠠᠢ ᠬᠡᠷᠡᠭᠯᠡᠬᠦ ᠶᠢ ᠠᠩᠬᠠᠷᠬᠤ ᠬᠡᠷᠡᠭᠲᠡᠢ᠃ ᠴᠠᠭ ᠲᠤᠨᠢ | ᠲᠣᠬᠢᠷᠠᠭᠤᠯᠤᠨ ᠲᠠᠷᠢᠶ᠎ᠠ ᠲᠡᠩᠨᠡᠵᠦ ᠡᠪᠡᠰᠦ ᠠᠷᠢᠯᠭᠠᠨ᠂ ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ ᠲᠤᠬᠠᠢ ᠳᠤᠨᠢ ᠰᠡᠷᠭᠡᠶᠢᠯᠡᠨ ᠵᠠᠰᠠᠬᠤ ᠬᠡᠷᠡᠭᠲᠡᠢ᠃ | ᠤᠨᠠᠯᠲᠠ ᠶᠢᠨ ᠬᠡᠮᠵᠢᠶᠡᠨ ᠤ ᠢᠯᠡᠷᠡᠯ | 2008 ᠣᠨ ᠳᠤ ᠰᠧᠴᠤᠸᠠᠨ ᠮᠤᠵᠢ ᠶᠢᠨ ᠡᠷᠳᠡᠨᠢ ᠰᠢᠰᠢ ᠶᠢᠨ ᠣᠷᠣᠨ ᠤ ᠲᠤᠷᠰᠢᠯᠲᠠ ᠳᠤ ᠣᠷᠤᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ ᠨᠢ | 486.9 ᠺᠢᠯᠣᠭ᠍ᠷᠠᠮ ᠳᠤ ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ 6.9% ᠨᠡᠮᠡᠭᠳᠡᠵᠦ᠂ ᠤᠨᠠᠯᠲᠠ ᠨᠡᠮᠡᠭᠳᠡᠭᠰᠡᠨ ᠴᠡᠭ ᠤᠨ ᠨᠣᠷᠮ᠎ᠠ ᠨᠢ 80% ᠳᠤ | ᠬᠦᠷᠴᠡᠢ᠃ 2009 ᠣᠨ ᠳᠤ ᠦᠷᠭᠦᠯᠵᠢᠯᠡᠨ ᠲᠤᠷᠰᠢᠭᠰᠠᠨ ᠮᠦ ᠪᠦᠷᠢ ᠶᠢᠨ ᠳᠤᠮᠳᠠᠴᠢ ᠤᠨᠠᠯᠲᠠ ᠨᠢ 461.0kg ᠲᠤ ᠬᠦᠷᠴᠦ᠂ ᠴᠦᠸᠠᠨ ᠳ᠋ᠠᠨ 13 ᠲᠠᠢ | ᠬᠠᠷᠢᠴᠠᠭᠤᠯᠪᠠᠯ 9.2% ᠨᠡᠮᠡᠭᠳᠡᠵᠦ᠂ ᠨᠡᠮᠡᠭᠳᠡᠭᠰᠡᠨ ᠴᠡᠭ ᠤᠨ ᠨᠤᠷᠮ᠎ᠠ ᠨᠢ 75% ᠳᠤ ᠬᠦᠷᠴᠡᠢ᠃ ᠬᠤᠶᠠᠷ ᠵᠢᠯ ᠤᠨ ᠣᠷᠣᠨ ᠤ ᠲᠤᠷᠰᠢᠯᠲᠠ ᠶᠢᠨ ᠮᠦ ᠪᠦᠷᠢ ᠶᠢᠨ | ᠳᠤᠮᠳᠠᠴᠢ ᠤᠨᠠᠯᠲᠠ ᠨᠢ 473.95 kg ᠲᠤ ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ 8.1% ᠨᠡᠮᠡᠭᠳᠡᠵᠦ᠂ ᠨᠡᠮᠡᠭᠳᠡᠭᠰᠡᠨ ᠴᠡᠭ ᠤᠨ ᠨᠤᠷᠮ᠎ᠠ ᠨᠢ | 77.5% ᠳᠤ ᠬᠦᠷᠪᠡ᠃ 2010 ᠣᠨ ᠳᠤ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ ᠨᠢ 472.9 kg ᠳᠤ | ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ ︵ᠮᠦ ᠪᠦᠷᠢ ᠶᠢᠨ ᠤᠨᠠᠯᠲᠠ ᠨᠢ 408.6 kg︶ 15.7% ᠨᠡᠮᠡᠭᠳᠡᠵᠡᠢ᠃ | ᠲᠣᠬᠢᠷᠠᠮᠵᠢᠲᠠᠢ ᠣᠷᠣᠨ ᠪᠦᠰᠡ | ᠰᠧᠴᠤᠸᠠᠨ ᠮᠤᠵᠢ ᠶᠢᠨ ᠫᠢᠩ ᠪᠠ᠂ ᠳᠣᠪᠣᠷᠬᠠᠭ ᠣᠷᠣᠨ | |