ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 29 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 | ᠰᠠᠷ᠎ᠠ ᠶᠢᠨ 29 ᠤ ᠡᠳᠦᠷ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠲᠦᠢᠯ ᠤᠨ ᠨᠠᠷᠢᠨ ᠪᠤᠳᠤᠯᠢᠶᠠᠨᠲᠠᠢ ᠣᠯᠠᠨ ᠤᠯᠤᠰ ᠤᠨ ᠣᠷᠴᠢᠨ ᠲᠣᠭᠤᠷᠢᠨ ᠪᠠ ᠥᠭᠡᠷᠡᠴᠢᠯᠡᠯᠲᠡ | ᠬᠥᠭᠵᠢᠯᠲᠡ ᠲᠣᠭᠲᠠᠭᠤᠨ ᠪᠠᠶᠢᠳᠠᠯ ᠤᠨ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠶᠢᠨ ᠳᠠᠷᠤᠯᠲᠠ ᠶᠢ | ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠰᠢᠷᠭᠠᠭᠤ ᠴᠢᠷᠮᠠᠶᠢᠯᠭ᠎ᠠ ᠭᠠᠷᠭᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠭᠲᠠᠭᠤᠨ ᠢᠶᠠᠷ ᠱᠠᠲᠤ ᠦᠶ᠎ᠡ ᠰᠢᠯᠵᠢᠭᠦᠯᠵᠦ᠂ ᠠᠵᠤ ᠠᠬᠤᠢ ᠶᠢ ᠳᠠᠭᠢᠨ ᠳᠡᠭᠡᠭᠰᠢᠯᠡᠭᠦᠯᠵᠦ ᠰᠠᠶᠢᠵᠢᠷᠠᠭᠤᠯᠤᠨ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠲᠡᠢ ᠪᠥᠭᠡᠳ ᠪᠦᠲᠦᠮᠵᠢᠲᠡᠶ ᠪᠠᠶᠢᠯᠭᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ᠃ | ᠬᠤᠷᠠᠯ ᠠᠴᠠ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ | ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ | ᠲᠥᠯᠥᠪᠵᠢᠭᠦᠯᠵᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠦᠨᠡᠨ ᠬᠦ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠤᠨ᠂ | ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠴᠢᠨᠠᠷ ᠴᠢᠨᠰᠠᠭ᠎ᠠ ᠶᠢᠨ ᠪᠦᠲᠦᠮᠵᠢᠲᠡᠶ ᠳᠡᠭᠡᠭᠰᠢᠯᠡᠯᠲᠡ | ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠤᠨ ᠠᠵᠢᠯ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠵᠤ᠂ | ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠬᠤ ᠶᠢ ᠪᠠᠷᠢᠮᠲᠠᠯᠠᠬᠤ ᠬᠡᠷᠡᠭᠲᠡᠢ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ | ᠵᠣᠬᠢᠰᠲᠠᠢ ᠬᠦᠴᠦᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠣᠭᠲᠠᠭᠤᠨ ᠵᠣᠭᠤᠰᠤᠨ ᠤ ᠲᠦᠷᠦ ᠶᠢᠨ ᠪᠣᠳᠣᠯᠭ᠎ᠠ ᠶᠢ ᠠᠮᠢᠳᠤᠯᠢᠭ | ᠪᠥᠭᠡᠳ ᠲᠣᠬᠢᠷᠠᠮᠵᠢᠲᠠᠢ᠂ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ | ᠴᠢᠩᠭᠠᠳᠬᠠᠵᠤ᠂ ᠲᠣᠭᠲᠠᠭᠤᠨ ᠪᠥᠭᠡᠳ ᠢᠯᠡ ᠲᠣᠳᠣᠷᠬᠠᠢ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠳᠬᠡᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠥᠭᠡᠷᠡᠴᠢᠯᠡᠯᠲᠡ ᠶᠢ ᠡᠷᠡᠰ ᠭᠤᠶᠢᠪᠢᠰᠢ | ᠦᠭᠡᠢ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ | ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ | ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨ | ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠬᠦ ᠬᠡᠷᠡᠭᠲᠡᠢ᠃ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |