| | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ | ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨ᠎ᠡ | ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠴᠠᠭ | ᠲᠣᠭᠢᠶᠠᠯ ᠢ ᠠᠮᠵᠢᠨ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ᠂ | ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠷᠪᠡᠵᠦ ᠰᠣᠬᠤᠷ ᠪᠠᠯᠠᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ | ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃ ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ | ᠬᠠᠭᠤᠴᠢᠨ ᠢ ᠡᠪᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠲᠣᠰ ᠭᠠᠵᠠᠷ ᠤᠨ ᠡᠬᠢ ᠪᠠᠶᠠᠯᠢᠭ ᠤᠨ | ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ ᠠᠵᠤ ᠦᠢᠯᠡᠰ᠂ ᠰᠢᠨ᠎ᠡ | ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢᠨ ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠪᠤᠯᠭᠠᠬᠤ ᠶᠢ ᠢᠳᠡᠪᠬᠢᠲᠡᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | | | | 3 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠼᠦᠢ ᠲᠢᠶᠧ ᠵᠢᠶᠦ᠋ᠨ᠂ | ᠭᠤᠤ ᠵᠢᠢ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠭᠡᠷᠡᠯᠴᠢ ᠴᠡᠨᠡᠭ ᠤᠨ ᠠᠵᠢᠯ | ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ᠂ ᠬᠠᠮᠲᠤ ᠪᠠᠷ ᠪᠠᠶᠠᠵᠢᠭᠰᠠᠨ | ᠵᠣᠯ ᠵᠢᠷᠭᠠᠯᠲᠤ ᠲᠣᠰᠬᠤᠨ ᠢ ᠪᠠᠶᠢᠭᠤᠯᠬᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠦᠢᠯᠡᠴᠢᠯᠡᠬᠦ᠂ ᠤᠷᠠᠨ ᠳᠠᠷᠬᠠᠨ ᠤ | ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠢ ᠦᠭᠡ ᠬᠡᠯᠡᠪᠡ᠃ ᠰᠢ ᠶᠢᠨ ᠫᠢᠩ ᠪᠠᠶᠢᠨ ᠳᠠᠭᠢᠨ ᠳᠤᠮᠳᠠ ᠨᠢ ᠦᠭᠡ ᠬᠡᠯᠡᠵᠦ᠂ ᠤᠯᠠᠨ ᠲᠠᠢ | ᠶᠠᠷᠢᠯᠴᠠᠵᠤ ᠰᠣᠯᠢᠯᠴᠠᠪᠠ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠵᠢᠶᠠᠩᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠤ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠬᠤᠯᠠ | ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | ᠰᠢ ᠶᠢᠨ ᠫᠢᠩ᠂ ᠵᠢᠶᠠᠩᠰᠤ ᠶᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ | ᠴᠢᠳᠠᠪᠤᠷᠢ ᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠨᠡ ᠬᠦ | ᠭᠤᠣᠯᠳᠠᠯᠭ᠎ᠠ ᠶᠢ ᠲᠣᠪᠤᠶᠢᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠤᠯᠠᠮᠵᠢᠯᠠᠯᠲᠤ ᠠᠵᠤ | ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ | ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ | ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠵᠢᠶᠠᠩᠰᠤ ᠶᠢ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠲᠣᠭᠤᠷᠢᠨ ᠳᠤ᠂ | ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠷᠬᠡ ᠲᠡᠭᠰᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ | ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠮᠵᠢᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ | ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ᠂ ᠰᠤᠷᠭᠠᠨ | ᠬᠥᠮᠦᠵᠢᠯ ᠤᠨ ᠪᠠᠶᠢᠭᠤᠯᠤᠮᠵᠢ᠂ ᠴᠢᠳᠠᠪᠤᠷᠢᠲᠠᠨ ᠤ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠨᠠᠩ ᠥᠨᠳᠥᠷ ᠲᠦᠪᠰᠢᠨ ᠪᠦᠬᠦᠢ | ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ | ᠵᠡᠷᠭᠡ ᠶᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ | ᠦᠢᠯᠡᠳᠦᠯ ᠦᠵᠡᠭᠦᠯᠪᠡ᠃ ᠵᠢᠶᠠᠩᠰᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠨ ᠦᠢᠯᠡᠴᠢᠯᠡᠵᠦ᠂ ᠪᠤᠰᠤᠳ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ | ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ᠂ ᠣᠷᠣᠨ ᠪᠦᠰᠡ | ᠴᠢᠨᠠᠭᠰᠢᠯᠠᠪᠠᠯ ᠪᠦᠭᠦ ᠤᠯᠤᠰ ᠤᠨ ᠬᠥᠭᠵᠢᠯᠲᠡ ᠳᠤ ᠦᠵᠡᠭᠦᠯᠭᠦ ᠠᠵᠤ ᠠᠬᠤᠢ ᠶᠢᠨ ᠲᠣᠮᠣ ᠮᠤᠵᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠪᠦᠭᠦ ᠨᠡᠶᠢᠭᠡᠮ ᠤᠨ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ | ᠪᠣᠳᠠᠲᠠᠢ ᠠᠵᠢᠯᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ | ᠬᠥᠩᠭᠡᠷᠡᠭᠦᠯᠵᠦ᠂ ᠪᠦᠭᠦ ᠨᠠᠮ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ | ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ | ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠣᠷᠣᠯᠴᠠᠪᠠ᠃ | ᠮᠦ ᠬᠤᠩ᠂ ᠵᠢᠶᠠᠩ ᠰᠢᠨ ᡁᠢ ᠨᠠᠷ ᠣᠷᠣᠯᠴᠠᠪᠠ᠃ | | |