ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ | ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ | ᠪᠥᠭᠡᠳ ᠲᠦᠭ ᠲᠦᠮᠡᠨ ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ ᠬᠥᠳᠡᠭᠡᠨ ᠤ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠤ | ᠳᠤᠮᠳᠠ ᠨᠡᠮᠡᠭᠳᠡᠵᠦ᠂ 2023 ᠣᠨ ᠳᠤ ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ ᠣᠷᠣᠯᠴᠠᠭᠰᠠᠨ | ᠬᠡᠦᠬᠡᠳ ᠤᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠳᠤ ᠰᠠᠭᠤᠷᠢ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ᠃ ᠭᠡᠪᠡᠴᠦ ᠡᠭᠦᠨ ᠤ ᠬᠠᠮᠲᠤ ᠪᠠᠰᠠ ᠨᠢᠷᠠᠢ ᠬᠡᠦᠬᠡᠳ ᠤᠨ ᠳᠠᠭᠠᠳᠬᠠᠯ ᠳᠤ | ᠣᠷᠣᠯᠴᠠᠬᠤ ᠳᠤ ᠭᠠᠷ ᠭᠦᠢᠴᠡᠳᠬᠡᠯ ᠣᠯᠠᠨ᠂ ᠶᠠᠪᠤᠴᠠ ᠤᠷᠲᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠳᠣᠷᠣᠢ᠂ | ᠣᠨᠴᠠ ᠵᠠᠷᠢᠮ ᠬᠤᠲᠠ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠠᠷᠠᠬᠠᠨ ᠪᠦᠷᠢᠮᠦᠰᠦᠨ ᠴᠢᠯᠦᠭᠡᠲᠡᠢ | ᠪᠣᠯᠭᠠᠭᠠᠳᠤᠢ ᠵᠡᠷᠭᠡ ᠠᠰᠠᠭᠤᠳᠠᠯ ᠤᠳ ᠣᠷᠣᠰᠢᠵᠤ ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ ᠤᠯᠠᠮ ᠨᠢᠭᠲᠠᠷᠠᠭᠤᠯᠵᠤ᠂ ᠰᠠᠯᠠᠭ᠎ᠠ | ᠮᠥᠴᠢᠷ ᠤᠳ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠬᠦ ᠶᠢ | ᠠᠬᠢᠭᠤᠯᠬᠤ ᠴᠢᠬᠤᠯᠠᠲᠠᠢ ᠪᠠᠶᠢᠨ᠎ᠠ᠃ ᠬᠡᠦᠬᠡᠳ ᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ | ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠨ ᠤ ᠠᠯᠪᠠᠨ ᠲᠢᠩᠬᠢᠮ ᠲᠠᠢ | ᠬᠠᠮᠲᠤᠷᠠᠨ ︽ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠪᠠ︶ ᠢ ᠰᠤᠳᠤᠯᠤᠨ ᠲᠤᠭᠤᠷᠪᠢᠵᠠᠢ᠃ | ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ | ︽ᠮᠡᠳᠡᠭᠳᠡᠯ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ︽︿14 · 5﹀ | ᠶᠢᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠯᠡᠭᠡ︾ ᠳᠤ ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ | ᠣᠷᠣᠭᠤᠯᠬᠤ ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ ᠳᠡᠭᠡᠭᠰᠢᠬᠢ ᠨᠢᠷᠠᠢ ᠬᠡᠦᠬᠡᠳ ᠤᠳ ᠢ | ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠲᠣᠳᠣᠷᠬᠠᠢ ᠳᠤᠷᠠᠳᠪᠠ᠃ ︽14 · 5︾ ᠶᠢᠨ ᠬᠤᠭᠤᠴᠠᠭᠠᠨ ᠤ ᠡᠴᠦᠰ | ᠪᠣᠯᠬᠤ ᠳᠤ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ᠃ ᠬᠤᠶᠠᠷ ᠲᠤ | ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ | ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠤᠷᠢᠲᠠᠯ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ ᠭᠤᠣᠯᠳᠠᠯᠭ᠎ᠠ ᠲᠠᠢ ᠰᠢᠯᠢᠳᠡᠭᠵᠢᠭᠦᠯᠵᠦ᠂ | ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ ᠭᠤᠭᠴᠤᠭ᠎ᠠ ᠶᠢ ᠴᠣᠮᠬᠠᠯᠠᠨ᠂ ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ ᠴᠢᠨᠠᠷᠲᠠᠢ ᠪᠠᠷ ᠠᠵᠢᠯ ᠤᠨ | ᠱᠠᠭᠠᠷᠳᠠᠯᠭ᠎ᠠ ᠳᠤᠷᠠᠳᠤᠨ᠎ᠠ᠃ ᠭᠤᠷᠪᠠ ᠳᠤ ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ︽ᠮᠡᠳᠡᠭᠳᠡᠯ︾ ᠨᠢ ︽ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ︾ ᠢ ᠴᠢᠨᠠᠭᠰᠢᠳᠠ ᠤᠯᠠᠮ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠣᠷᠣᠨ | ᠨᠤᠲᠤᠭ ᠤᠨ ᠬᠠᠶᠢᠨ ᠰᠦᠪᠡᠭᠴᠢᠯᠡᠯᠲᠡ ᠪᠠ ᠰᠢᠨᠡᠴᠢᠯᠡᠯᠲᠡ ᠶᠢ ᠵᠣᠷᠢᠭᠵᠢᠭᠤᠯᠤᠨ᠎ᠠ᠃ | ︽ᠮᠡᠳᠡᠭᠳᠡᠯ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠬᠦ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ | ᠴᠣᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ | ᠰᠢᠯᠢᠳᠡᠭᠵᠢᠭᠦᠯᠬᠦ᠂ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠶᠢ | ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ | ᠡᠷᠴᠢᠮᠵᠢᠭᠦᠯᠦᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠤᠭ᠎ᠠ | ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ | ᠳᠠᠶᠢᠴᠢᠯᠠᠬᠤ ᠪᠠᠨ ᠦᠨᠡᠨ ᠬᠦ ᠡᠷᠴᠢᠮᠵᠢᠭᠦᠯᠦᠨ᠎ᠡ᠃ ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ ᠰᠢᠯᠢᠳᠡᠭᠵᠢᠭᠦᠯᠦᠨ᠎ᠡ᠃ ᠡᠯ᠎ᠡ | ᠭᠠᠵᠠᠷ ᠢ ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ ᠶᠠᠪᠤᠳᠠᠯ ᠤᠳ ᠢ ᠨᠢᠭᠡ ᠯᠠ ᠠᠵᠢᠯ ᠶᠠᠪᠤᠳᠠᠯ ᠪᠣᠯᠭᠠᠨ︾ ᠭᠦᠢᠴᠡᠳᠬᠡᠬᠦ ᠶᠢ ᠨᠠᠶᠢᠳᠠᠪᠤᠷᠢᠵᠢᠭᠤᠯᠬᠤ | ᠬᠡᠷᠡᠭᠲᠡᠢ ᠭᠡᠵᠦ᠂ ᠣᠷᠣᠨ ᠨᠤᠲᠤᠭ ᠤᠨ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠨᠢᠷᠠᠢ ᠬᠡᠦᠬᠡᠳ ᠢ ᠳᠠᠭᠠᠳᠬᠠᠯ ᠳᠤ ᠣᠷᠣᠭᠤᠯᠬᠤ ᠶᠢ ᠰᠦᠪᠡᠭᠴᠢᠯᠡᠬᠦ ᠶᠢ | ᠵᠣᠷᠢᠭᠵᠢᠭᠤᠯᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ | ᠰᠢᠯᠢᠳᠡᠭᠵᠢᠭᠦᠯᠦᠨ᠎ᠡ᠃ ᠭᠠᠳᠠᠷ ᠣᠷᠣᠨ ᠤ ᠡᠷᠦᠬᠡ ᠠᠮᠠ ᠲᠠᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ ᠭᠠᠵᠠᠷ ᠲᠤ ᠪᠠᠨ | ᠳᠠᠭᠠᠳᠬᠠᠯ ᠳᠤ ᠣᠷᠣᠯᠴᠠᠬᠤ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠤᠷᠮᠠᠰᠢᠭᠤᠯᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ | ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ ᠡᠷᠡᠭᠦᠯ | ᠮᠡᠨᠳᠦ ᠶᠢᠨ ᠡᠷᠬᠡ ᠠᠰᠢᠭ ᠢ ᠪᠠᠲᠤᠯᠠᠨ᠂ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠳᠥᠷᠪᠡ ᠳᠤ ᠰᠠᠯᠠᠭ᠎ᠠ | ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠳ ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ | ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ ᠳᠠᠭᠠᠳᠬᠠᠭᠤᠯᠬᠤ ᠶᠣᠰᠣᠲᠠᠢ ᠶᠢ ᠨᠢ ᠴᠥᠮ | ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ | ᠬᠡᠦᠬᠡᠳ ᠢ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ ᠲᠣᠬᠢᠷᠠᠭᠤᠯᠬᠤ ᠪᠠ ᠰᠢᠮᠳᠠᠭᠤᠯᠬᠤ ᠶᠢ | ᠰᠠᠶᠢᠲᠤᠷ ᠬᠢᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ | ᠭᠤᠷᠪᠠ᠂ ᠲᠠᠷᠠᠭᠠᠴᠢ ᠶᠢᠨ ᠠᠵᠢᠯ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠢ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠲᠦᠪᠰᠢᠨ ᠢ ᠦᠨᠡᠨ ᠬᠦ | ᠳᠡᠭᠡᠭᠰᠢᠯᠡᠭᠦᠯᠦᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ | | | |