ᠬᠠᠷ᠎ᠠ ᠮᠢᠬᠠᠨ ᠬᠠᠨᠳᠠ ᠲᠠᠢ ᠭᠠᠭ᠋ᠠᠢ ᠶᠢᠨ ᠮᠢᠬ᠎ᠠ ᠪᠣᠯᠣᠨ ᠡᠩ ᠤᠨ ᠭᠠᠭ᠋ᠠᠢ ᠶᠢᠨ ᠮᠢᠬ᠎ᠠ ᠶᠠᠮᠠᠷ ᠶᠠᠮᠠᠷ ᠢᠯᠭᠠᠭ᠎ᠠ ᠲᠠᠢ ᠪᠤᠢ︖ ᠭᠤᠣᠯᠳᠠᠭᠤ ᠳᠣᠣᠷᠠᠬᠢ ᠬᠡᠳᠦᠨ | ᠲᠠᠯ᠎ᠠ ᠠᠴᠠ ᠦᠵᠡᠵᠦ ᠪᠤᠯᠤᠨ᠎ᠠ᠄ | ᠨᠢᠭᠡ ᠳᠤ ᠦᠵᠡᠬᠦ᠄ ᠭᠠᠭ᠋ᠠᠢ ᠶᠢᠨ ᠥᠭᠡᠬᠦ ︵ᠭᠠᠭ᠋ᠠᠢ ᠶᠢᠨ ᠲᠣᠰᠣ︶ ᠶᠢ ᠦᠵᠡᠨ᠎ᠡ᠃ ᠶᠡᠷᠦ ᠳᠡᠭᠡᠨ ᠬᠠᠷ᠎ᠠ ᠮᠢᠬᠠᠨ ᠤ ᠬᠠᠨᠳᠠ ᠠᠭᠤᠯᠤᠭᠰᠠᠨ ᠭᠠᠭ᠋ᠠᠢ ᠶᠢᠨ | ᠮᠢᠬᠠᠨ ᠤ ᠥᠩᠭᠡ ᠨᠢ ᠣᠨᠴᠠᠭᠠᠶ ᠰᠣᠷᠭᠤᠭ ᠪᠠᠶᠢᠳᠠᠭ︔ ᠭᠠᠭ᠋ᠠᠢ ︽ᠡᠮ︾ ᠢᠳᠡᠭᠡᠳ ᠪᠤᠶᠢᠵᠢᠭᠰᠠᠨ ᠤ ᠳᠠᠷᠠᠭ᠎ᠠ᠂ ᠲᠡᠭᠦᠨ ᠤ ᠠᠷᠠᠰᠤᠨ ᠤ ᠳᠣᠣᠷᠠᠬᠢ ᠥᠭᠡᠬᠦ ᠶᠢᠨ | ᠳᠠᠪᠬᠤᠷᠭ᠎ᠠ ᠨᠢ ᠢᠯᠡᠷᠬᠡᠢ ᠨᠢᠮᠭᠡᠨ ᠪᠠᠶᠢᠵᠤ᠂ ᠶᠡᠷᠦ ᠳᠡᠭᠡᠨ 1 ᠰᠡᠨᠲ᠋ᠢᠮᠧᠲᠷ ᠬᠦᠷᠬᠦ ᠦᠭᠡᠢ᠂ ᠬᠤᠶᠠᠷ ᠭᠤᠷᠪᠠᠨ ᠬᠤᠷᠤᠭᠤ ᠥᠷᠭᠡᠨ ᠢᠶᠠᠷ ᠬᠡᠷᠴᠢᠭᠰᠡᠨ ᠭᠠᠭ᠋ᠠᠢ ᠶᠢᠨ | ᠮᠢᠬ᠎ᠠ ᠨᠢ ᠨᠡᠯᠢᠶᠡᠳ ᠵᠥᠭᠡᠯᠡᠨ ᠪᠠᠶᠢᠵᠤ᠂ ᠠᠮᠪᠠᠨ ᠳᠤ ᠲᠣᠭᠲᠠᠵᠤ ᠳᠡᠶᠢᠯᠬᠦ ᠦᠭᠡᠢ ᠪᠠᠶᠢᠳᠠᠭ︔ ᠬᠠᠷ᠎ᠠ ᠮᠢᠬ᠎ᠠ ᠪᠣᠯᠣᠨ ᠥᠭᠡᠬᠦ ᠶᠢᠨ ᠬᠤᠭᠤᠷᠣᠨᠳᠤ ᠠᠴᠠ ᠰᠢᠷ᠎ᠠ | ᠥᠩᠭᠡ ᠲᠠᠢ ᠰᠢᠩᠭᠡᠨ ᠪᠡᠶᠡᠲᠦ ᠤᠷᠤᠰᠤᠨ ᠭᠠᠷᠴᠤ᠂ ᠥᠭᠡᠬᠦ ᠨᠢ ᠣᠨᠴᠠᠭᠠᠶ ᠨᠢᠮᠭᠡᠨ ᠪᠠᠶᠢᠳᠠᠭ ︽ᠬᠠᠷ᠎ᠠ ᠮᠢᠬᠠᠨ ᠬᠠᠨᠳᠠ︾ ᠲᠠᠢ ᠭᠠᠭ᠋ᠠᠢ ᠶᠢᠨ ᠮᠢᠬᠠᠨ ᠤ | ᠥᠭᠡᠵᠡᠭ ᠤᠨ ᠪᠤᠯᠴᠢᠩ ᠨᠢ ᠳᠦᠭᠦᠷᠴᠦ᠂ ᠥᠭᠡᠬᠦᠨ ᠤ ᠳᠠᠪᠬᠤᠷᠭ᠎ᠠ ᠨᠢ ᠮᠠᠰᠢ ᠨᠢᠮᠭᠡᠨ᠂ ᠬᠤᠶᠠᠷ ᠲᠠᠯ᠎ᠠ ᠶᠢᠨ ᠴᠠᠪᠢ ᠶᠢᠨ ᠥᠭᠡᠬᠦᠨ ᠤ ᠳᠠᠪᠬᠤᠷᠭ᠎ᠠ ᠶᠢᠨ | ᠳᠣᠲᠣᠷᠠᠬᠢ ᠬᠢᠯᠭᠠᠰᠤᠨ ᠰᠤᠳᠠᠯ ᠤᠨ ᠲᠠᠷᠬᠠᠯᠲᠠ ᠨᠢ ᠨᠡᠯᠢᠶᠡᠳ ᠨᠢᠭᠲᠠ ᠪᠥᠭᠡᠳ ᠴᠢᠨᠠᠭᠰᠢᠯᠠᠪᠠᠯ ᠴᠢᠰᠤ ᠬᠤᠷᠠᠳᠠᠭ᠃ | ᠬᠤᠶᠠᠷ ᠲᠤ ᠪᠠᠶᠢᠴᠠᠭᠠᠬᠤ᠄ ᠬᠠᠷ᠎ᠠ ᠮᠢᠬᠠᠨ ᠤ ᠥᠩᠭᠡ ᠶᠢ ᠠᠵᠢᠭᠯᠠᠨ᠎ᠠ᠃ ︽ᠬᠠᠷ᠎ᠠ ᠮᠢᠬᠠᠨ ᠬᠠᠨᠳᠠ︾ ᠠᠭᠤᠯᠤᠭᠰᠠᠨ ᠭᠠᠭ᠋ᠠᠢ ᠶᠢᠨ ᠮᠢᠬᠠᠨ ᠤ ᠥᠩᠭᠡ ᠨᠢ | ᠨᠡᠯᠢᠶᠡᠳ ᠭᠦᠨ᠂ ᠮᠢᠬ᠎ᠠ ᠨᠢ ᠰᠣᠷᠭᠤᠭ᠂ ᠥᠩᠭᠡ ᠨᠢ ᠰᠣᠷᠭᠤᠭ ᠤᠯᠠᠭᠠᠨ᠂ ᠰᠢᠷᠬᠡᠭ ᠨᠢ ᠨᠡᠯᠢᠶᠡᠳ ᠰᠡᠶᠢᠷᠡᠭ᠂ ᠵᠠᠷᠢᠮ ᠳᠠᠭᠠᠨ ᠮᠢᠬᠠᠨ ᠤ ᠦᠩᠭᠡᠨ ᠳᠠᠯ᠎ᠠ ᠲᠡᠭᠡᠷ᠎ᠡ | ᠪᠠᠭ᠎ᠠ ᠬᠡᠮᠵᠢᠶᠡᠨ ᠤ ︽ᠬᠥᠯᠥᠰᠦ︾ ᠳᠠᠭᠠᠪᠤᠷᠢᠯᠠᠳᠠᠭ᠃ ᠬᠠᠷᠢᠨ ᠡᠩ ᠤᠨ ᠡᠷᠡᠭᠦᠯ ᠲᠤᠷᠠᠩᠬᠠᠢ ᠭᠠᠭ᠋ᠠᠢ ᠶᠢᠨ ᠮᠢᠬ᠎ᠠ ᠪᠣᠯ ᠭᠦᠢᠬᠡᠨ ᠤᠯᠠᠭᠠᠨ ᠥᠩᠭᠡ ᠲᠠᠢ᠂ | ᠮᠢᠬᠠᠨ ᠤ ᠬᠠᠷᠢᠮᠠᠬᠠᠢ ᠴᠢᠨᠠᠷ ᠨᠢ ᠰᠠᠶᠢᠨ᠂ ᠮᠢᠬᠠᠨ ᠤ ᠦᠩᠭᠡᠨ ᠳᠠᠯ᠎ᠠ ᠳᠡᠭᠡᠷ᠎ᠡ ︽ᠬᠥᠯᠥᠰᠦ ᠭᠠᠷᠬᠤ︾ ᠦᠵᠡᠭᠳᠡᠯ ᠪᠠᠶᠢᠬᠤ ᠦᠭᠡᠢ᠃ | ᠭᠤᠷᠪᠠ ᠳᠤ ᠬᠡᠮᠵᠢᠬᠦ᠄ pH ᠬᠡᠮᠵᠢᠭᠳᠡᠯ ᠤᠨ ᠲᠤᠷᠰᠢᠯᠲᠠ ᠶᠢᠨ ᠴᠠᠭᠠᠰᠤ ᠪᠠᠷ ᠪᠠᠶᠢᠴᠠᠭᠠᠨ ᠰᠢᠯᠭᠠᠨ᠎ᠠ᠃ ᠡᠩ ᠤᠨ ᠰᠢᠨ᠎ᠡ ᠰᠣᠷᠭᠤᠭ ᠮᠢᠬ᠎ᠠ ᠶᠢᠨ | ᠣᠯᠠᠩᠬᠢ ᠨᠢ ᠰᠠᠭᠠᠷᠮᠠᠭ ᠴᠢᠨᠠᠷ ᠪᠠ ᠰᠤᠯᠠ ᠱᠦᠯᠲᠦᠯᠢᠭ ᠴᠢᠨᠠᠷ ᠲᠠᠢ᠂ ᠨᠢᠲᠤᠯᠤᠭᠰᠠᠨ ᠤ ᠳᠠᠷᠠᠭᠠᠬᠢ 1 ᠴᠠᠭ ᠤᠨ pH ᠬᠡᠮᠵᠢᠭᠳᠡᠯ ᠨᠢ 6.2-6.3 ᠪᠣᠯᠣᠨ᠎ᠠ︔ | ᠪᠠᠶᠢᠭᠠᠯᠢ ᠶᠢᠨ ᠨᠥᠬᠦᠴᠡᠯ ᠳᠣᠣᠷ᠎ᠠ 6 ᠴᠠᠭ ᠠᠴᠠ ᠳᠡᠭᠡᠭᠰᠢ ᠬᠦᠷᠦᠭᠡᠪᠡᠯ pH ᠬᠡᠮᠵᠢᠭᠳᠡᠯ ᠨᠢ 5.6-6.0 ᠪᠠᠶᠢᠵᠤ᠂ ᠬᠠᠷᠢᠨ ︽ᠬᠠᠷ᠎ᠠ ᠮᠢᠬᠠᠨ ᠬᠠᠨᠳᠠ︾ | ᠠᠭᠤᠯᠤᠭᠰᠠᠨ ᠭᠠᠭ᠋ᠠᠢ ᠶᠢᠨ ᠮᠢᠬ᠎ᠠ ᠬᠠᠷᠢᠨ ᠬᠦᠴᠢᠯᠯᠢᠭ ᠴᠢᠨᠠᠷᠲᠠᠢ ᠪᠠᠶᠢᠵᠤ᠂ pH ᠬᠡᠮᠵᠢᠭᠳᠡᠯ ᠨᠢ ᠬᠡᠪ ᠤᠨ ᠬᠡᠪᠴᠢᠶᠡᠨ ᠠᠴᠠ ᠢᠯᠡᠳᠲᠡ ᠪᠠᠭ᠎ᠠ ᠪᠠᠶᠢᠳᠠᠭ᠃ | ᠬᠤᠳᠠᠯᠳᠤᠨ ᠠᠪᠬᠤ ᠳᠠᠭᠠᠨ ᠲᠤᠰ ᠭᠠᠭ᠋ᠠᠢ ᠶᠢᠨ ᠮᠢᠬᠠᠨ ᠳᠤ ᠬᠢᠵᠢᠭ ᠤᠨ ᠪᠠᠶᠢᠴᠠᠭᠠᠯᠲᠠ ᠶᠢᠨ ᠲᠠᠮᠠᠭ᠎ᠠ ᠪᠠ ᠬᠢᠵᠢᠭ ᠤᠨ ᠪᠠᠶᠢᠴᠠᠭᠠᠯᠲᠠ ᠳᠤ ᠬᠢᠷᠢ | ᠲᠡᠩᠴᠡᠭᠰᠡᠨ ᠭᠡᠷᠡᠴᠢ ᠪᠠᠶᠢᠬᠤ ᠡᠰᠡᠬᠦ ᠶᠢ ᠵᠠᠪᠠᠯ ᠲᠣᠳᠣᠷᠬᠠᠢ ᠦᠵᠡᠬᠦ ᠬᠡᠷᠡᠭᠲᠡᠢ᠃ | | |