ᠬᠥᠬᠦᠭᠦᠯ ᠲᠣᠷᠣᠢ ᠶᠢᠨ ᠦᠬᠦᠬᠦ ᠭᠤᠣᠯ ᠴᠠᠭ ᠬᠤᠭᠤᠴᠠᠭ᠎ᠠ ᠪᠠ ᠰᠢᠯᠲᠠᠭᠠᠨ
ᠨᠡᠶᠢᠲᠡᠯᠡᠭᠰᠡᠨ ᠴᠠᠭ᠄
2024/3/7
      ᠬᠥᠬᠦᠭᠦᠯ ᠲᠣᠷᠣᠶ ᠭᠡᠳᠡᠭ ᠨᠢ ᠲᠥᠷᠥᠭᠰᠡᠨ ᠠᠴᠠ ᠪᠠᠨ ᠠᠪᠤᠭᠠᠳ ᠰᠦ ᠳᠠᠰᠤᠯᠬᠤ ᠱᠠᠲᠤᠨ ᠳᠤ ᠪᠠᠶᠢᠬᠤ ᠲᠣᠷᠣᠶ ︵ᠳᠠᠷᠤᠢ ᠡᠬᠡ ᠶᠢᠨ ᠢᠶᠠᠨ ᠰᠦ ᠶᠢ ᠬᠦᠬᠦᠳᠡᠭ ᠲᠣᠷᠣᠶ︶ ᠶᠢ ᠵᠢᠭᠠᠵᠤ ᠪᠠᠶᠢᠨ᠎ᠠ᠃ ᠲᠣᠷᠣᠢ ᠶᠢᠨ ᠬᠥᠬᠦᠭᠦᠯᠬᠦ ᠬᠤᠭᠤᠴᠠᠭ᠎ᠠ ᠶᠢᠨ ᠤᠷᠲᠤ ᠣᠬᠤᠷ ᠨᠢ ᠠᠳᠠᠯᠢ ᠦᠭᠡᠢ᠂ ᠶᠡᠷᠦ ᠳᠡᠭᠡᠨ 21-35 ᠡᠳᠦᠷ ︵ᠭᠠᠳᠠᠭᠠᠳᠤ ᠳᠤ ᠣᠯᠠᠩᠬᠢ ᠳᠠᠭᠠᠨ 21-28 ᠡᠳᠦᠷ︶ ᠪᠠᠶᠢᠳᠠᠭ᠃ ᠲᠣᠷᠣᠢ ᠬᠦᠪᠦᠷᠡᠯ ᠤᠨ ᠬᠤᠭᠤᠴᠠᠭᠠᠨ ᠳᠠᠭᠠᠨ ᠡᠬᠡ ᠶᠢᠨ ᠪᠡᠶ᠎ᠡ  ᠳᠤ ᠲᠦᠰᠢᠭᠯᠡᠨ ᠡᠯ᠎ᠡ ᠵᠦᠢᠯ ᠤᠨ ᠰᠢᠮ᠎ᠡ ᠲᠡᠵᠢᠭᠡᠯ ᠰᠢᠩᠭᠡᠭᠡᠬᠦ ᠶᠢᠨ ᠬᠠᠮᠲᠤ ᠬᠠᠶᠠᠭᠳᠠᠮᠠᠯ ᠪᠣᠳᠠᠰ ᠢ ᠭᠠᠳᠠᠭᠰᠢᠯᠠᠭᠤᠯᠳᠠᠭ᠂ ᠡᠬᠡ ᠶᠢᠨ ᠪᠡᠶ᠎ᠡ ᠨᠢ ᠬᠡᠪᠡᠯᠢ ᠳᠠᠬᠢ ᠳᠤᠷᠤᠢ ᠳᠤ ᠠᠪᠴᠤ ᠬᠡᠯᠡᠪᠡᠯ ᠬᠠᠷᠢᠴᠠᠩᠭᠤᠢ ᠲᠣᠭᠲᠠᠪᠤᠷᠢᠲᠠᠢ ᠥᠰᠴᠦ ᠪᠤᠶᠢᠵᠢᠬᠤ ᠣᠷᠴᠢᠨ ᠲᠣᠭᠤᠷᠢᠨ ᠪᠣᠯᠣᠨ᠎ᠠ᠃ ᠡᠭᠦᠨ ᠲᠠᠢ ᠬᠠᠷᠢᠴᠠᠭᠤᠯᠪᠠᠯ᠂ ᠲᠦᠷᠦᠭᠰᠡᠨ ᠤ ᠳᠠᠷᠠᠭ᠎ᠠ ᠲᠣᠷᠣᠶ ᠶᠢᠨ ᠠᠮᠢᠳᠤᠷᠠᠯ ᠤᠨ ᠨᠥᠬᠦᠴᠡᠯ ᠳᠤ ᠯᠤᠲᠤ ᠶᠡᠭᠡ ᠬᠤᠪᠢᠷᠠᠯᠲᠠ ᠭᠠᠷᠴᠠᠢ᠃ ᠡᠩ ᠲᠡᠷᠢᠭᠦᠨ ᠳᠤ ᠠᠭᠤᠰᠬᠢᠨ ᠤ ᠠᠮᠢᠰᠬᠤᠯ ᠢ ᠬᠡᠷᠡᠭᠯᠡᠨ᠎ᠡ᠃ ᠳᠠᠷᠠᠭ᠎ᠠ ᠳᠤᠨᠢ ᠡᠷᠬᠡᠪᠰᠢ ᠰᠢᠩᠭᠡᠭᠡᠯᠲᠡ ᠶᠢᠨ ᠵᠠᠮ ᠢᠶᠠᠷ ᠢᠳᠡᠭᠡᠨ ᠤ ᠳᠣᠲᠣᠷᠠᠬᠢ ᠰᠢᠮ᠎ᠡ ᠲᠡᠵᠢᠭᠡᠯ ᠤᠨ ᠪᠣᠳᠠᠰ ᠢ ᠰᠢᠩᠭᠡᠬᠡᠨ ᠠᠪᠬᠤ ᠬᠡᠷᠡᠭᠲᠡᠢ᠃ ᠭᠤᠷᠪᠠᠳᠤᠭᠠᠷ ᠲᠤ ᠪᠠᠶᠢᠭᠠᠯᠢ ᠶᠢᠨ ᠨᠥᠬᠦᠴᠡᠯ ᠪᠠ ᠵᠣᠷᠢᠭᠤᠳᠠ ᠶᠢᠨ ᠣᠷᠴᠢᠨ ᠠᠬᠤᠢ ᠶᠢᠨ ᠨᠦᠯᠦᠭᠡ ᠶᠢ ᠰᠢᠭᠤᠳ ᠬᠦᠷᠳᠡᠨ᠎ᠠ᠃ ᠲᠦᠷᠦᠭᠦ ᠪᠣᠯ ᠭᠠᠭ᠋ᠠᠢ ᠶᠢᠨ ᠨᠢᠭᠡ ᠨᠠᠰᠤᠨ ᠤ ᠬᠠᠮᠤᠭ ᠤᠨ ᠶᠡᠭᠡ ᠰᠡᠷᠡᠯᠵᠢᠯ ᠭᠡᠵᠦ ᠬᠡᠯᠡᠵᠦ ᠪᠣᠯᠣᠨ᠎ᠠ᠃ ᠬᠥᠬᠦᠭᠦᠯ ᠲᠣᠷᠣᠢ ᠶᠢᠨ ᠪᠤᠶᠢᠵᠢᠭᠤᠯᠤᠯᠲᠠ ᠶᠢᠨ ᠦᠷ᠎ᠡ ᠳ᠋ᠦᠩ ᠤᠨ ᠰᠠᠶᠢᠨ ᠮᠠᠭᠤ ᠶᠢᠨ ᠵᠠᠩᠭᠢᠯᠠᠭ᠎ᠠ ᠨᠢ ᠲᠥᠷᠥᠭᠰᠡᠨ ᠤ ᠳᠠᠷᠠᠭᠠᠬᠢ ᠬᠠᠮᠤᠭ ᠠᠩᠬᠠᠨ ᠤ ᠱᠠᠲᠤᠨ ᠤ ᠡᠳᠡᠭᠡᠷ ᠰᠡᠷᠡᠯᠵᠢᠯ ᠢ ᠬᠢᠵᠠᠭᠠᠷᠯᠠᠬᠤ ᠪᠤᠶᠤ ᠵᠣᠬᠢᠴᠠᠬᠤ ᠬᠡᠮᠵᠢᠶ᠎ᠡ ᠪᠠᠷ ᠲᠣᠭᠲᠠᠭᠠᠭᠳᠠᠨ᠎ᠠ᠃       ᠬᠥᠬᠦᠭᠦᠯ ᠲᠣᠷᠣᠢ ᠶᠢ ᠰᠠᠶᠢᠲᠤᠷ ᠬᠠᠮᠢᠶᠠᠷᠬᠤ ᠳᠠᠭᠠᠨ ᠰᠡᠷᠡᠯᠵᠢᠯ ᠢ ᠠᠯᠢ ᠴᠢᠳᠠᠬᠤ ᠪᠠᠷ ᠬᠥᠩᠭᠡᠷᠡᠭᠦᠯᠵᠦ᠂ ᠠᠮᠢᠳᠤᠷᠠᠯ ᠤᠨ ᠰᠢᠨ᠎ᠡ ᠣᠷᠴᠢᠨ ᠲᠣᠭᠤᠷᠢᠨ ᠳᠤ ᠵᠣᠬᠢᠴᠠᠭᠤᠯᠤᠨ᠂ ᠲᠣᠷᠣᠢ ᠶᠢᠨ ᠤᠨᠳᠤᠷᠤᠯᠳᠠ ᠶᠢᠨ ᠨᠣᠷᠮ᠎ᠠ ᠥᠨᠳᠥᠷ᠂ ᠥᠰᠦᠯᠲᠡ ᠪᠤᠶᠢᠵᠢᠯᠲᠠ ᠲᠦᠷᠭᠡᠨ᠂ ᠪᠣᠳᠠᠭᠠᠯᠢ ᠪᠡᠶ᠎ᠡ ᠶᠢᠨ ᠶᠡᠭᠡ ᠪᠠᠭ᠎ᠠ ᠨᠢ ᠵᠢᠭᠳᠡ᠂ ᠡᠷᠡᠭᠦᠯ ᠴᠣᠪᠣᠭᠤᠯᠢᠭ᠂ ᠰᠦ ᠲᠠᠰᠤᠯᠬᠤ ᠦᠶ᠎ᠡ ᠶᠢᠨ ᠪᠡᠶ᠎ᠡ ᠶᠢᠨ ᠬᠦᠨᠳᠦᠴᠡ ᠨᠢ ᠶᠡᠭᠡ ᠵᠡᠷᠭᠡ ᠨᠢ ᠬᠤᠶᠢᠰᠢᠳᠠ ᠡᠭᠦᠯᠳᠡᠷ ᠤᠨ ᠭᠠᠭ᠋ᠠᠢ ᠪᠤᠶᠤ ᠲᠠᠸᠠᠷ ᠤᠨ ᠠᠯᠠᠰᠢᠨ ᠤ ᠭᠠᠭ᠋ᠠᠢ ᠶᠢ ᠪᠤᠶᠢᠵᠢᠭᠤᠯᠬᠤ ᠳᠤ ᠰᠠᠶᠢᠨ ᠰᠠᠭᠤᠷᠢ ᠲᠠᠯᠪᠢᠵᠤ ᠦᠭᠳᠡᠭ᠃ ᠬᠥᠬᠦᠭᠦᠯ ᠲᠣᠷᠣᠢ ᠠᠮᠠᠷᠬᠠᠨ ᠡᠪᠡᠳᠴᠢᠯᠡᠵᠦ ᠲᠡᠵᠢᠭᠡᠬᠦ ᠳᠤ ᠬᠦᠴᠢᠷ ᠪᠠᠶᠢᠳᠠᠭ᠂ ᠲᠥᠷᠥᠭᠰᠡᠨ ᠠᠴᠠ ᠠᠪᠤᠭᠠᠳ ᠰᠦ ᠲᠠᠰᠤᠷᠠᠬᠤ ᠬᠦᠷᠲᠡᠯᠡᠬᠢ ᠦᠬᠦᠯᠲᠡ ᠶᠢᠨ ᠨᠣᠷᠮ᠎ᠠ ᠨᠢ 20% ᠣᠷᠴᠢᠮ ᠪᠠᠶᠢᠵᠤ᠂ ᠭᠠᠭ᠋ᠠᠢ ᠶᠢᠨ ᠰᠦᠷᠦᠭ ᠤᠨ ᠬᠥᠭᠵᠢᠯᠲᠡ ᠶᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠬᠦᠨᠳᠦ ᠶᠡᠭᠡ ᠠᠵᠤ ᠠᠬᠤᠢ ᠶᠢᠨ ᠬᠤᠬᠢᠷᠠᠯ ᠢ ᠪᠣᠶ ᠪᠣᠯᠭᠠᠳᠠᠭ᠃ ᠲᠡᠭᠦᠨ ᠤ ᠦᠬᠦᠬᠦ ᠭᠤᠣᠯ ᠬᠤᠭᠤᠴᠠᠭ᠎ᠠ ᠨᠢ ᠲᠦᠷᠦᠭᠰᠡᠨ ᠤ ᠳᠠᠷᠠᠭᠠᠬᠢ 3 ᠡᠳᠦᠷ ᠤᠨ ᠳᠣᠲᠣᠷ᠎ᠠ ᠪᠠᠶᠢᠳᠠᠭ᠂ ᠦᠬᠦᠬᠦ ᠰᠢᠯᠲᠠᠭᠠᠨ ᠨᠢ ᠤᠯᠠᠨ ᠲᠠᠯ᠎ᠠ ᠶᠢᠨ ᠪᠠᠶᠢᠳᠠᠭ᠃ ᠰᠦ ᠵᠣᠭᠰᠣᠬᠤ ᠠᠴᠠ ᠡᠮᠦᠨ᠎ᠡ ᠲᠣᠷᠣᠢ ᠶᠢᠨ ᠦᠬᠦᠬᠦ ᠬᠠᠷᠢᠴᠠᠯ ᠨᠢ᠄ ᠬᠥᠩᠭᠡᠵᠢᠬᠦ ᠠᠴᠠ ᠡᠮᠦᠨ᠎ᠡ ︵ᠭᠡᠪᠡᠯᠢ ᠳᠡᠭᠡᠨ ᠪᠦᠳᠡᠵᠦ ᠦᠬᠦᠬᠦ︶ 14%᠂ ᠬᠥᠩᠭᠡᠵᠢᠬᠦ ᠦᠶ᠎ᠡ ᠳᠤ 16%᠂ ᠲᠦᠷᠦᠭᠰᠡᠨ ᠡᠳᠦᠷ ᠲᠤ 16%᠂ ᠲᠦᠷᠦᠭᠰᠡᠨ ᠤ ᠳᠠᠷᠠᠭ᠎ᠠ 1 ᠡᠳᠦᠷ ᠲᠤ 15%᠂ ᠲᠦᠷᠦᠭᠰᠡᠨ ᠤ ᠳᠠᠷᠠᠭ᠎ᠠ 2 ᠡᠳᠦᠷ ᠲᠤ 13%᠂ ᠲᠦᠷᠦᠭᠰᠡᠨ ᠤ ᠳᠠᠷᠠᠭ᠎ᠠ 3-6 ᠡᠳᠦᠷ ᠲᠤ 12%᠂ ᠲᠦᠷᠦᠭᠰᠡᠨ ᠤ ᠳᠠᠷᠠᠭ᠎ᠠ 7-34 ᠡᠳᠦᠷ ᠲᠤ 14%᠂ ᠳᠠᠷᠤᠢ ᠭᠡᠪᠡᠯᠢ ᠳᠡᠭᠡᠨ ᠦᠬᠦᠭᠰᠡᠨ ᠲᠤᠷᠤᠢ ᠶᠢ ᠪᠠᠭᠲᠠᠭᠠᠨ᠎ᠠ᠃ ᠲᠦᠷᠦᠬᠦ ᠦᠶ᠎ᠡ ᠪᠠ ᠲᠦᠷᠦᠭᠰᠡᠨ ᠤ ᠳᠠᠷᠠᠭ᠎ᠠ 2 ᠡᠳᠦᠷ ᠲᠤ ᠦᠬᠦᠬᠦ ᠨᠢ ᠪᠦᠬᠦ ᠦᠬᠦᠭᠰᠡᠨ ᠲᠤᠷᠤᠢ ᠶᠢᠨ 74% ᠶᠢ ᠡᠵᠡᠯᠡᠨ᠎ᠡ᠃ ᠦᠬᠦᠭᠰᠡᠨ ᠰᠢᠯᠲᠠᠭᠠᠨ ᠠᠴᠠ ᠨᠢ ᠦᠵᠡᠪᠡᠯ᠂ ᠦᠬᠦᠭᠰᠡᠨ ᠬᠦᠪᠦᠷᠡᠯ 16% ᠶᠢ ᠡᠵᠡᠯᠡᠵᠦ᠂ ᠠᠳᠡᠯ ᠬᠡᠷᠡᠭ 22% ᠢ ᠡᠵᠡᠯᠡᠵᠦ᠂ ᠡᠪᠡᠳᠴᠢᠨ ᠡᠮᠭᠡᠭ ᠲᠤ ᠨᠡᠷᠪᠡᠭᠳᠡᠵᠦ ᠦᠬᠦᠭᠰᠡᠨ ᠨᠢ 15% ᠶᠢ ᠡᠵᠡᠯᠡᠵᠦ᠂ ᠬᠥᠯ ᠲᠤᠭᠤᠷᠠᠢ ᠶᠢᠨ ᠵᠥᠭᠡᠯᠡᠨ ᠪᠠᠭᠤᠷᠠᠢ ᠪᠠᠷ ᠦᠬᠦᠭᠰᠡᠨ ᠨᠢ 4% ᠶᠢ ᠡᠵᠡᠯᠡᠵᠦ ᠪᠠᠶᠢᠨ᠎ᠠ᠃ ᠶᠡᠷᠦᠩᠬᠡᠶᠢᠯᠡᠪᠡᠯ᠂ ᠲᠣᠷᠣᠢ ᠶᠢᠨ ᠦᠬᠦᠬᠦ ᠰᠢᠯᠲᠠᠭᠠᠨ ᠨᠢ ᠣᠷᠴᠢᠨ ᠲᠣᠭᠤᠷᠢᠨ᠂ ᠭᠠᠭ᠋ᠠᠢ ᠶᠢᠨ ᠬᠠᠰᠢᠶ᠎ᠠ ᠶᠢᠨ ᠪᠦᠲᠦᠴᠡ᠂ ᠠᠷᠠᠴᠢᠯᠠᠵᠤ ᠳᠣᠳᠣᠮᠳᠠᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠡᠭᠦᠯᠳᠡᠷ ᠤᠨ ᠭᠠᠭ᠋ᠠᠢ ᠶᠢᠨ ᠣᠶᠢᠷ᠎ᠠ ᠰᠣᠯᠪᠢᠴᠠᠯ ᠤᠨ ᠬᠡᠮᠵᠢᠶ᠎ᠡ ᠵᠡᠷᠭᠡ ᠲᠠᠢ ᠬᠤᠯᠪᠣᠭ᠎ᠠ ᠲᠠᠢ ᠶᠤᠮ᠃ ᠣᠯᠠᠩᠬᠢ ᠨᠢ ᠲᠦᠷᠦᠭᠰᠡᠨ ᠤ ᠳᠠᠷᠠᠭᠠᠬᠢ 7 ᠡᠳᠦᠷ ᠤᠨ ᠳᠣᠲᠣᠷ᠎ᠠ ᠦᠬᠦᠳᠡᠭ᠂ ᠢᠯᠠᠩᠭᠤᠶ᠎ᠠ ᠲᠦᠷᠦᠭᠰᠡᠨ ᠤ ᠳᠠᠷᠠᠭᠠᠬᠢ 3 ᠡᠳᠦᠷ ᠤᠨ ᠳᠣᠲᠣᠷ᠎ᠠ ᠲᠣᠷᠣᠶ ᠶᠢᠨ ᠦᠬᠦᠬᠦ ᠨᠣᠷᠮ᠎ᠠ ᠨᠢ ᠬᠠᠮᠤᠭ ᠥᠨᠳᠥᠷ ᠪᠠᠶᠢᠳᠠᠭ᠃  
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ