ᠬᠠᠲᠤᠨ ᠭᠤᠣᠯ ᠤᠨ ᠤᠰᠤ ᠶᠢ ᠰᠢᠭᠤᠳ ᠲᠤᠩᠭᠠᠵᠤ ᠳᠤᠰᠤᠯᠭᠠᠨ ᠤᠰᠤᠯᠠᠬᠤ ᠮᠡᠷᠭᠡᠵᠢᠯ
ᠨᠡᠶᠢᠲᠡᠯᠡᠭᠰᠡᠨ ᠴᠠᠭ᠄
2024/3/7
     1. ᠠᠵᠢᠯᠯᠠᠬᠤ ᠵᠢᠷᠤᠮ      ᠬᠠᠲᠤᠨ ᠭᠤᠣᠯ ᠤᠨ ᠤᠰᠤ ᠶᠢ ᠰᠢᠭᠤᠳ ᠲᠤᠩᠭᠠᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠤᠰᠤᠯᠭᠠᠨ ᠤᠰᠤᠯᠠᠬᠤ ᠰᠢᠯᠵᠢᠮᠡᠯ ᠬᠡᠯᠪᠡᠷᠢ ᠶᠢᠨ ᠲᠥᠬᠦᠭᠡᠷᠦᠮᠵᠢ ᠶᠢᠨ ᠠᠵᠢᠯᠯᠠᠬᠤ ᠵᠢᠷᠤᠮ ᠪᠣᠯ ᠴᠠᠶᠢᠶ᠋ᠢᠦ ᠮᠠᠰᠢᠨ ᠢ ᠠᠰᠢᠭᠯᠠᠨ ᠵᠢᠭᠤᠲᠠᠩᠭᠤᠢ ᠬᠥᠭᠡᠷᠭᠡ ᠪᠠᠷ ᠤᠰᠤ ᠲᠠᠲᠠᠵᠤ᠂ ᠤᠰᠤᠨ ᠤ ᠡᠬᠢ ᠰᠤᠷᠪᠤᠯᠵᠢ ᠳᠤ ᠲᠠᠯᠪᠢᠭᠰᠠᠨ ᠰᠢᠩᠭᠡᠯᠢᠭ ᠢᠶᠠᠷ ᠤᠰᠤ ᠣᠷᠣᠭᠤᠯᠬᠤ ᠠᠩᠬᠠᠨ ᠤ ᠱᠦᠭᠦᠯᠲᠡ ᠬᠢᠵᠦ᠂ ᠱᠦᠭᠦᠭᠰᠡᠨ ᠤ ᠳᠠᠷᠠᠭᠠᠬᠢ ᠤᠰᠤ ᠶᠢ ᠳᠠᠬᠢᠨ ᠵᠢᠭᠤᠲᠠᠩᠭᠤᠢ ᠡᠯᠡᠰᠦ ᠲᠤᠩᠭᠠᠬᠤ ᠰᠠᠪᠠᠨ ᠳᠤ ᠣᠷᠣᠭᠤᠯᠵᠤ ᠬᠤᠶᠠᠳᠠᠭᠢ ᠤᠳᠠᠭ᠎ᠠ ᠱᠦᠭᠦᠯᠲᠡ ᠬᠢᠨ᠎ᠡ᠃ ᠱᠦᠭᠦᠭᠦᠷ ᠢ ᠤᠰᠤᠨ ᠠᠴᠠ ᠭᠠᠷᠭᠠᠵᠤ ᠠᠪᠤᠭᠰᠠᠨ ᠤ ᠲᠡᠷᠠᠭ᠎ᠠ᠂ ᠵᠠᠯᠭᠠᠭᠰᠠᠨ ᠵᠥᠭᠡᠯᠡᠨ ᠬᠤᠭᠤᠯᠠᠢ ᠪᠠᠷ ᠲᠡᠮᠵᠢᠠ ᠨᠢᠭᠡ ᠬᠡᠰᠡᠭ ᠤᠰᠤ ᠨᠢ ᠪᠣᠷᠳᠣᠭᠤᠷ ᠤᠨ ᠪᠤᠳᠦᠩ ᠲᠤ ᠭᠡᠳᠡᠷᠬᠦ ᠤᠷᠤᠰᠴᠤ ᠣᠷᠣᠭᠠᠳ ᠤᠰᠤ ᠪᠣᠷᠳᠣᠭᠤᠷ ᠢ ᠬᠤᠯᠢᠵᠤ᠂ ᠬᠤᠯᠢᠭᠰᠠᠨ ᠤ ᠲᠡᠷᠠᠭ᠎ᠠ᠂ ᠳᠠᠷᠤᠯᠲᠠ ᠶᠢᠨ ᠵᠥᠷᠢᠶ᠎ᠡ ᠶᠢᠨ ᠦᠢᠯᠡᠳᠦᠯ ᠪᠠ ᠨᠦᠭᠦᠭᠡ ᠨᠢᠭᠡ ᠬᠡᠰᠡᠭ ᠤᠰᠤ ᠲᠠᠢ ᠴᠤᠭᠭᠠᠷ ᠲᠣᠣᠷᠯᠢᠭ ᠱᠦᠭᠦᠭᠦᠷ ᠲᠤ ᠣᠷᠣᠵᠤ ᠭᠤᠷᠪᠠᠳᠠᠬᠢ ᠤᠳᠠᠭ᠎ᠠ ᠱᠦᠭᠦᠨ᠎ᠡ᠃ ᠬᠠᠮᠤᠭ ᠰᠡᠭᠦᠯ ᠳᠤ᠂ ᠲᠣᠰᠣᠨ ᠨᠡᠭᠡᠯᠡᠭᠡᠢ ᠪᠠ ᠨᠡᠭᠡᠯᠡᠭᠡᠢ ᠪᠠᠷ ᠳᠠᠷᠤᠯᠲᠠ ᠶᠢ ᠲᠣᠬᠢᠷᠠᠭᠤᠯᠵᠤ᠂ ᠤᠰᠤ ᠪᠣᠷᠳᠣᠭᠤᠷ ᠤᠨ ᠬᠤᠯᠢᠮᠠᠭ ᠰᠢᠩᠭᠡᠨ ᠢ ᠲᠠᠷᠢᠶᠠᠨ ᠭᠠᠵᠠᠷ ᠤᠨ ᠬᠤᠭᠤᠯᠠᠢ ᠶᠢᠨ ᠲᠣᠣᠷ ᠲᠤ ᠵᠢᠭᠳᠡ ᠪᠠᠷ ᠬᠦᠷᠭᠡᠨ᠎ᠡ᠃       2. ᠮᠡᠷᠭᠡᠵᠢᠯ ᠤᠨ ᠭᠤᠣᠯᠳᠠᠯᠭ᠎ᠠ       ᠲᠤᠰ ᠲᠥᠬᠦᠭᠡᠷᠦᠮᠵᠢ ᠨᠢ ᠳᠠᠮᠵᠢᠭᠤᠯᠬᠤ ᠬᠤᠭᠤᠯᠠᠢ ᠶᠢᠨ ᠤᠰᠤᠯᠠᠯᠲᠠ ᠶᠢᠨ ᠰᠢᠰᠲ᠋ᠧᠮ ᠢ ᠠᠰᠢᠭᠯᠠᠨ᠂ ᠪᠣᠷᠳᠣᠭᠤᠷ ᠢ ᠤᠰᠤᠨ ᠳᠤ ᠠᠭᠤᠰᠬᠠᠬᠤ ᠶᠢᠨ ᠬᠠᠮᠲᠤ ᠤᠰᠤᠯᠠᠬᠤ ᠪᠠ ᠪᠣᠷᠳᠣᠭᠤᠷ ᠣᠷᠣᠭᠤᠯᠵᠤ᠂ ᠲᠠᠷᠢᠮᠠᠯ ᠤᠨ ᠤᠰᠤ ᠪᠠ ᠰᠢᠮ᠎ᠡ ᠲᠡᠵᠢᠭᠡᠯ ᠤᠨ ᠬᠡᠷᠡᠭᠴᠡᠭᠡ ᠶᠢ ᠴᠠᠭ ᠲᠤᠨᠢ ᠲᠣᠬᠢᠷᠠᠭᠤᠯᠤᠨ ᠵᠣᠬᠢᠬᠤ ᠬᠡᠮᠵᠢᠶ᠎ᠡ ᠪᠠᠷ ᠬᠠᠩᠭᠠᠵᠤ᠂ ᠤᠰᠤ ᠪᠣᠷᠳᠣᠭᠤᠷ ᠢ ᠬᠠᠮᠲᠤ ᠪᠠᠷ ᠬᠠᠮᠢᠶᠠᠷᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠡᠢ᠃ ᠴᠠᠭ ᠪᠦᠷᠢ ᠳᠤ 8~10 ᠮᠦ ᠳᠤᠰᠤᠯᠭᠠᠨ ᠤᠰᠤᠯᠠᠵᠤ ᠪᠣᠯᠤᠨ᠎ᠠ᠃ ᠲᠣᠰ ᠢᠵᠢ ᠤᠰᠤᠯᠠᠯᠲᠠ ᠶᠢᠨ ᠲᠥᠬᠦᠭᠡᠷᠦᠮᠵᠢ ᠶᠢ ᠬᠡᠷᠡᠭᠯᠡᠭᠰᠡᠨ ᠤ ᠳᠠᠷᠠᠭ᠎ᠠ᠂ ᠡᠷᠳᠡᠨᠢ ᠰᠢᠰᠢ ᠳᠤ ︽ᠬᠠᠭᠤᠷᠠᠢ ᠳᠠᠷᠢᠵᠤ ᠴᠢᠭᠢᠭᠲᠦᠭᠦᠯᠬᠦ᠂ ᠨᠠᠮᠤᠷ ᠤᠰᠤᠯᠠᠬᠤ ᠦᠭᠡᠢ︾ ᠳᠠᠷᠢᠬᠤ ᠮᠡᠷᠭᠡᠵᠢᠯ ᠢ ᠬᠡᠷᠡᠭᠯᠡᠵᠦ᠂ ᠪᠥᠬᠦ ᠦᠷᠡᠵᠢᠯ ᠤᠨ ᠬᠤᠭᠤᠴᠠᠭᠠᠨ ᠳᠤ 8 ᠤᠳᠠᠭ᠎ᠠ ᠲᠤᠰᠤᠯᠭᠠᠨ ᠤᠰᠤᠯᠠᠵᠤ᠂ ᠤᠳᠠᠭ᠎ᠠ ᠪᠦᠷᠢ ᠮᠦ ᠪᠦᠷᠢ ᠳᠤ 25m2 ᠠᠴᠠ 30m2 ᠤᠰᠤᠯᠠᠨ᠎ᠠ᠃ ᠰᠠᠭᠤᠷᠢ ᠪᠣᠷᠳᠣᠭᠤᠷ ᠲᠤ ᠡᠷᠳᠡᠨᠢ ᠰᠢᠰᠢ ᠶᠢᠨ ᠨᠠᠶᠢᠷᠠᠯᠭ᠎ᠠ ᠲᠠᠢ ᠪᠣᠷᠳᠣᠭᠤᠷ ᠢ 30kg/ ᠮᠦ ᠳᠤ ᠣᠷᠣᠭᠤᠯᠵᠤ᠂ ᠤᠳᠠᠭ᠎ᠠ ᠪᠦᠷᠢ ᠠᠽᠣᠲ ᠥᠨᠳᠥᠷ ᠺᠠᠯᠢᠲᠤ ᠤᠰᠤᠨ ᠳᠤ ᠠᠭᠤᠰᠬᠤ ᠨᠡᠮᠡᠯᠲᠡ ᠪᠣᠷᠳᠣᠭᠤᠷ ᠢ 8kg/ ᠮᠦ ᠳᠤ ᠤᠷᠤᠭᠤᠯᠵᠤ᠂ 4 ᠤᠳᠠᠭ᠎ᠠ ᠲᠤᠰᠤᠯᠭᠠᠨ ᠤᠰᠤᠯᠠᠬᠤ ᠬᠡᠷᠡᠭᠲᠡᠢ᠃ ᠬᠠᠲᠤᠨ ᠭᠤᠣᠯ ᠤᠨ ᠤᠰᠤ ᠶᠢ ᠰᠢᠭᠤᠳ ᠲᠤᠩᠭᠠᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠳᠤᠰᠤᠯᠭᠠᠨ ᠤᠰᠤᠯᠠᠬᠤ ᠣᠶᠤᠨᠲᠤ ᠰᠢᠯᠵᠢᠮᠡᠯ ᠬᠡᠯᠪᠡᠷᠢ ᠶᠢᠨ ᠲᠥᠬᠦᠭᠡᠷᠦᠮᠵᠢ ᠳᠤ ᠬᠢᠨᠠᠨ ᠬᠡᠮᠵᠢᠵᠦ ᠬᠢᠨᠠᠨ ᠡᠵᠡᠮᠳᠡᠬᠦ ᠢᠵᠢ ᠲᠥᠬᠦᠭᠡᠷᠦᠮᠵᠢ ᠶᠢ ᠤᠭᠰᠠᠷᠠᠭᠤᠯᠵᠤ᠂ ᠲᠠᠷᠢᠮᠠᠯ ᠤᠨ ᠤᠰᠤ ᠪᠠ ᠪᠣᠷᠳᠣᠭᠤᠷ ᠬᠡᠷᠡᠭᠰᠡᠬᠦ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠪᠠ ᠠᠯᠤᠰ ᠠᠴᠠ ᠠᠵᠢᠯᠯᠠᠭᠤᠯᠵᠤ᠂ ᠠᠦ᠋ᠲ᠋ᠣ᠋ ᠤᠰᠤ ᠪᠣᠷᠳᠣᠭᠤᠷ ᠬᠠᠩᠭᠠᠬᠤ ᠶᠢ ᠪᠡᠶᠡᠯᠡᠭᠦᠯᠬᠦ ᠬᠡᠷᠡᠭᠲᠡᠢ᠃       3. ᠬᠡᠷᠡᠭᠯᠡᠬᠦ ᠳᠤ ᠳᠤᠬᠢᠷᠠᠬᠤ ᠬᠡᠪᠴᠢᠶ᠎ᠡ       ᠬᠠᠲᠤᠨ ᠭᠤᠣᠯ ᠤᠨ ᠤᠰᠤ ᠶᠢ ᠰᠢᠭᠤᠳ ᠲᠤᠩᠭᠠᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠤᠰᠤᠯᠭᠠᠨ ᠤᠰᠤᠯᠠᠬᠤ ᠰᠢᠯᠵᠢᠮᠡᠯ ᠬᠡᠯᠪᠡᠷᠢ ᠶᠢᠨ ᠲᠥᠬᠦᠭᠡᠷᠦᠮᠵᠢ ᠨᠢ ᠬᠠᠲᠤᠨ ᠭᠤᠣᠯ ᠤᠨ ᠤᠰᠤᠯᠠᠯᠲᠠ ᠶᠢᠨ ᠣᠷᠣᠨ ᠵᠢᠴᠢ ᠡᠯ᠎ᠡ ᠵᠦᠢᠯ ᠤᠨ ᠭᠠᠵᠠᠷ ᠳᠡᠭᠡᠷᠡᠬᠢ ᠤᠰᠤ ᠡᠯᠪᠡᠭ ᠮᠥᠷᠲᠡᠭᠡᠨ ᠭᠠᠵᠠᠷ ᠳᠣᠣᠷᠠᠬᠢ ᠤᠰᠤᠨ ᠤ ᠡᠬᠢ ᠰᠤᠷᠪᠤᠯᠵᠢ ᠳᠤᠲᠠᠮᠠᠭ ᠭᠠᠵᠠᠷ ᠣᠷᠣᠨ ᠳᠤ ᠳᠤᠬᠢᠷᠠᠨ᠎ᠠ᠃ ᠤᠰᠤᠨ ᠤ ᠡᠬᠢ ᠰᠤᠷᠪᠤᠯᠵᠢ᠂ ᠴᠠᠬᠢᠯᠭᠠᠨ ᠡᠭᠦᠰᠬᠡᠭᠴᠢ ᠦᠭᠡᠢ ᠣᠷᠴᠢᠨ ᠲᠣᠭᠤᠷᠢᠨ ᠤ ᠨᠥᠬᠦᠴᠡᠯ ᠳᠣᠣᠷ᠎ᠠ ᠬᠠᠲᠤᠨ ᠭᠤᠣᠯ ᠤᠨ ᠤᠰᠤ ᠵᠢᠴᠢ ᠭᠠᠵᠠᠷ ᠤᠨ ᠭᠠᠳᠠᠷᠭᠤ ᠶᠢᠨ ᠤᠰᠤᠨ ᠤ ᠡᠬᠢ ᠰᠤᠷᠪᠤᠯᠵᠢ ᠶᠢ ᠲᠤᠩᠭᠠᠵᠤ ᠳᠤᠰᠤᠯᠭᠠᠨ ᠤᠰᠤᠯᠠᠬᠤ ᠮᠥᠷᠲᠡᠭᠡᠨ ᠰᠢᠯᠵᠢᠭᠦᠯᠵᠦ ᠪᠣᠯᠬᠤ ᠪᠥᠭᠡᠳ ᠵᠣᠬᠢᠴᠠᠬᠤ ᠴᠢᠨᠠᠷ ᠢᠶᠠᠷ ᠴᠢᠩᠭ᠎ᠠ᠂ ᠬᠡᠷᠡᠭᠯᠡᠬᠦ ᠳᠤ ᠲᠥᠬᠦᠮ᠂ ᠠᠵᠢᠯᠯᠠᠬᠤ ᠳᠤ ᠲᠦᠭᠦᠮ᠂ ᠦᠨ᠎ᠡ ᠨᠢ ᠬᠢᠮᠳᠠ ᠪᠠᠶᠢᠳᠠᠭ᠃ ᠲᠠᠷᠢᠶᠠᠴᠢᠳ ᠥᠪᠡᠷ ᠤᠨ ᠨᠥᠬᠦᠴᠡᠯ ᠢᠶᠠᠨ ᠦᠨᠳᠦᠰᠦᠯᠡᠵᠦ᠂ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠲᠤᠰ ᠮᠡᠷᠭᠡᠵᠢᠯ ᠢ ᠬᠡᠷᠡᠭᠯᠡᠵᠦ᠂ ᠤᠰᠤ ᠪᠣᠷᠳᠣᠭᠤᠷ ᠠᠷᠪᠢᠯᠠᠬᠤ᠂ ᠠᠵᠢᠯ ᠤᠨ ᠴᠠᠭ ᠪᠠ ᠬᠦᠴᠦ ᠠᠷᠪᠢᠯᠠᠬᠤ ᠰᠠᠶᠢᠨ ᠦᠷ᠎ᠡ ᠪᠦᠲᠦᠮᠵᠢ ᠶᠢ ᠣᠯᠵᠤ ᠪᠣᠯᠣᠨ᠎ᠠ᠃ 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ