ᠥᠪᠥᠷ ᠮᠣᠩᠭᠤᠯ ᠤᠨ ᠲᠤᠲᠤᠷᠭ᠎ᠠ ᠶᠢ ᠠᠶᠤᠯᠭᠦᠢ ᠬᠠᠳᠠᠭᠠᠯᠠᠬᠤ ᠠᠩᠬᠠᠷᠤᠮᠵᠢ
ᠨᠡᠶᠢᠲᠡᠯᠡᠭᠰᠡᠨ ᠴᠠᠭ᠄
2024/3/7
     ᠥᠪᠥᠷ ᠮᠣᠩᠭᠤᠯ ᠤᠨ ᠤᠰᠤᠨ ᠲᠤᠲᠤᠷᠭ᠎ᠠ ᠶᠢ ᠶᠡᠷᠦ ᠳᠡᠭᠡᠨ 9 ᠰᠠᠷ᠎ᠠ ᠶᠢᠨ ᠰᠡᠭᠦᠯᠴᠢ ᠠᠴᠠ 10 ᠰᠠᠷ᠎ᠠ ᠶᠢᠨ ᠳᠤᠮᠳᠠᠴᠢ ᠪᠣᠯᠲᠠᠯ᠎ᠠ ᠬᠤᠷᠢᠶᠠᠳᠠᠭ᠂ ᠡᠨᠡ ᠬᠤᠭᠤᠴᠠᠭᠠᠨ ᠳᠤ ᠬᠡᠷᠪᠡ ᠬᠦᠢᠲᠡᠨ ᠪᠥᠭᠡᠳ ᠪᠦᠷᠬᠦᠭ ᠪᠣᠷᠣᠭᠠᠨ ᠲᠠᠢ ᠡᠳᠦᠷ ᠲᠣᠬᠢᠶᠠᠯᠳᠤᠪᠠᠯ᠂ ᠲᠤᠲᠤᠷᠭ᠎ᠠ ᠠᠮᠠᠷᠬᠠᠨ ᠬᠠᠲᠠᠬᠤ ᠦᠭᠡᠢ᠂ ᠬᠦᠮᠦᠷᠭᠡᠯᠡᠬᠦ ᠳᠤ ᠤᠰᠤ ᠨᠢ ᠨᠡᠯᠢᠶᠡᠳ ᠶᠡᠭᠡ ᠪᠠᠶᠢᠵᠤ᠂ ᠠᠮᠠᠷᠬᠠᠨ ᠬᠠᠯᠠᠵᠤ ᠸᠠᠭᠠᠯᠤᠨ᠂ ᠴᠢᠨᠠᠷ ᠴᠢᠨᠰᠠᠭ᠎ᠠ ᠶᠢ ᠮᠠᠭᠤᠳᠠᠭᠤᠯᠳᠠᠭ᠃ ᠥᠷᠭᠡᠨ ᠤᠯᠠᠨ ᠲᠠᠷᠢᠶᠠᠴᠢᠳ ᠲᠤᠲᠤᠷᠭ᠎ᠠ ᠶᠢᠨ ᠬᠠᠳᠠᠭᠠᠯᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠠᠶᠤᠯᠭᠦᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠰᠠᠶᠢᠨ ᠬᠠᠳᠠᠭᠠᠯᠠᠭᠰᠠᠨ ᠦᠭᠡᠢ ᠠᠴᠠ ᠪᠣᠯᠵᠤ ᠠᠮᠤ ᠪᠤᠳᠠᠭ᠎ᠠ ᠶᠢ ᠮᠠᠭᠤᠳᠠᠭᠤᠯᠵᠤ᠂ ᠠᠮᠤ ᠪᠤᠳᠠᠭ᠎ᠠ ᠶᠢ ᠬᠤᠬᠢᠷᠠᠭᠤᠯᠵᠤ᠂ ᠴᠢᠬᠤᠯᠠ ᠪᠤᠰᠤ ᠠᠵᠤ ᠠᠬᠤᠢ ᠶᠢᠨ ᠬᠤᠬᠢᠷᠠᠯ ᠤᠴᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃      ᠨᠢᠭᠡ ᠳᠤ ᠤᠰᠤᠨ ᠤ ᠪᠦᠷᠢᠯᠳᠦᠭᠦᠨ ᠢ ᠬᠢᠵᠠᠭᠠᠷᠯᠠᠬᠤ ᠬᠡᠷᠡᠭᠲᠡᠢ᠃ ᠲᠤᠲᠤᠷᠭ᠎ᠠ ᠶᠢᠨ ᠤᠰᠤᠨ ᠤ ᠪᠦᠷᠢᠯᠳᠦᠭᠦᠨ ᠢ ᠠᠶᠤᠯᠭᠦᠢ ᠤᠰᠤᠨ ᠤ ᠪᠦᠷᠢᠯᠳᠦᠭᠦᠨ ᠤ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠣᠯ ᠲᠤᠲᠤᠷᠭ᠎ᠠ ᠶᠢᠨ ᠶᠠᠰᠤ ᠴᠢᠨᠠᠷ ᠢ ᠪᠠᠲᠤᠯᠠᠬᠤ ᠵᠠᠩᠭᠢᠯᠠᠭ᠎ᠠ ᠪᠣᠯᠣᠨ᠎ᠠ᠃ ᠲᠤᠲᠤᠷᠭ᠎ᠠ ᠶᠢᠨ ᠤᠰᠤ ᠨᠢ ᠬᠡᠲᠦᠷᠬᠡᠢ ᠶᠡᠭᠡ ᠪᠤᠯ ᠠᠮᠠᠷᠬᠠᠨ ᠬᠠᠯᠠᠵᠤ ᠸᠠᠭᠠᠯᠤᠨ᠂ ᠬᠠᠳᠠᠭᠠᠯᠠᠬᠤ ᠶᠢ ᠳᠠᠭᠠᠭᠠᠬᠤ ᠦᠭᠡᠢ ᠪᠠᠶᠢᠳᠠᠭ᠃ ᠥᠪᠥᠷ ᠮᠣᠩᠭᠤᠯ ᠤᠨ ᠣᠯᠠᠩᠬᠢ ᠤᠰᠤᠨ ᠲᠤᠲᠤᠷᠭ᠎ᠠ ᠳᠠᠷᠢᠬᠤ ᠣᠷᠣᠨ ᠤ ᠬᠤᠷᠢᠶᠠᠯᠲᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠳᠣᠣᠷ᠎ᠠ ᠪᠠᠶᠢᠳᠠᠭ ᠪᠣᠯᠬᠤᠷ ᠴᠠᠭ ᠠᠭᠤᠷ ᠤᠨ ᠪᠠᠶᠢᠳᠠᠯ ᠢ ᠦᠨᠳᠦᠰᠦᠯᠡᠨ ᠨᠠᠷᠠᠨ ᠳᠤ ᠬᠠᠲᠠᠭᠠᠬᠤ᠂ ᠰᠠᠯᠬᠢ ᠳᠠᠳᠠᠨ ᠤᠷᠤᠭᠤᠯᠬᠤ᠂ ᠬᠠᠭᠰᠠᠭᠠᠬᠤ ᠵᠡᠷᠭᠡ ᠠᠷᠭ᠎ᠠ ᠪᠠᠷ ᠴᠠᠭ ᠲᠤᠬᠠᠢ ᠳᠤᠨᠢ ᠬᠠᠳᠠᠭᠠᠵᠤ᠂ ᠤᠰᠤᠨ ᠤ ᠪᠦᠷᠢᠯᠳᠦᠭᠦᠨ ᠢ ᠪᠠᠭᠤᠷᠠᠭᠤᠯᠤᠭᠠᠳ ᠠᠶᠤᠯᠭᠦᠢ ᠪᠠᠷᠢᠮᠵᠢᠶ᠎ᠠ ᠶᠢ 14% ᠠᠴᠠ ᠳᠣᠷᠣᠭᠰᠢ ᠪᠣᠯᠭᠠᠬᠤ ᠬᠡᠷᠡᠭᠲᠡᠢ᠃      ᠬᠤᠶᠠᠷ ᠲᠤ ᠬᠤᠯᠢᠴᠠ ᠶᠢ ᠴᠡᠪᠡᠷᠯᠡᠨ ᠠᠷᠢᠯᠭᠠᠬᠤ ᠬᠡᠷᠡᠭᠲᠡᠢ᠃ ᠬᠤᠷᠢᠶᠠᠭᠰᠠᠨ ᠲᠤᠲᠤᠷᠭ᠎ᠠ ᠳᠤ ᠶᠡᠷᠦ ᠳᠡᠭᠡᠨ ᠠᠭᠠᠭ᠂ ᠬᠡᠮᠬᠡᠷᠬᠡᠢ ᠮᠥᠬᠦᠯᠢᠭ ᠪᠠ ᠬᠠᠮᠰᠠᠶᠢᠭᠰᠠᠨ ᠮᠥᠬᠦᠯᠢᠭ ᠵᠡᠷᠭᠡ ᠬᠤᠯᠢᠯᠳᠤᠵᠤ ᠪᠠᠶᠢᠳᠠᠭ᠂ ᠡᠲᠡᠭᠡᠷ ᠬᠤᠯᠢᠮᠠᠭ ᠪᠣᠳᠠᠰ ᠤᠰᠤᠨ ᠤ ᠠᠭᠤᠯᠤᠭᠳᠠᠴᠠ ᠨᠢ ᠥᠨᠳᠥᠷ᠂ ᠴᠢᠬᠢᠭ ᠰᠢᠩᠭᠡᠭᠡᠬᠦ ᠴᠢᠨᠠᠷ ᠢᠶᠠᠷ ᠴᠢᠩᠭ᠎ᠠ᠂ ᠳᠣᠲᠣᠭᠠᠳᠤ ᠶᠢᠨ ᠴᠢᠭᠢᠭᠯᠢᠭ ᠬᠠᠯᠠᠭᠤᠨ ᠨᠢ ᠬᠤᠷᠠᠮᠳᠤᠭᠠᠳ ᠠᠮᠠᠷᠬᠠᠨ ᠰᠠᠳᠠᠷᠠᠬᠤ ᠦᠭᠡᠢ᠂ ᠡᠪᠡᠳᠴᠢᠨ ᠤ ᠪᠠᠺᠲ᠋ᠧᠷᠢ ᠶᠢᠨ ᠬᠤᠣᠷᠲᠤ ᠬᠤᠷᠣᠬᠠᠢ ᠠᠮᠠᠷᠬᠠᠨ ᠬᠠᠯᠳᠠᠪᠤᠷᠢᠯᠠᠨ ᠦᠷᠡᠵᠢᠳᠡᠭ᠃ ᠡᠶᠢᠮᠦ ᠠᠴᠠ ᠤᠷᠢᠳ ᠢᠶᠠᠷ ᠰᠠᠶᠢᠵᠠᠳᠠᠬᠤ ᠵᠡᠷᠭᠡ ᠠᠷᠭ᠎ᠠ ᠪᠠᠷ ᠡᠳᠡᠭᠡᠷ ᠬᠤᠯᠢᠴᠠ ᠶᠢ ᠴᠡᠪᠡᠷᠯᠡᠨ ᠠᠷᠢᠯᠭᠠᠵᠤ᠂ ᠬᠤᠯᠢᠴᠠ ᠶᠢᠨ ᠬᠡᠮᠵᠢᠶ᠎ᠡ ᠶᠢ 0.5% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠬᠠᠳᠠᠭᠠᠯᠠᠯᠲᠠ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠭᠤᠷᠪᠠ ᠳᠤ ᠴᠠᠭ ᠲᠤᠬᠠᠢ ᠳᠤᠨᠢ ᠰᠠᠯᠬᠢ ᠨᠡᠪᠲᠡᠷᠡᠭᠦᠯᠬᠦ ᠬᠡᠷᠡᠭᠲᠡᠢ᠃ ᠲᠤᠲᠤᠷᠭ᠎ᠠ ᠶᠢᠨ ᠣᠪᠣᠭ᠎ᠠ ᠶᠢᠨ ᠢᠯᠴᠢ ᠳᠠᠮᠵᠢᠭᠤᠯᠬᠤ ᠴᠢᠨᠠᠷ ᠨᠢ ᠮᠠᠭᠤ᠂ ᠠᠮᠠᠷᠬᠠᠨ ᠣᠪᠣᠭ᠎ᠠ ᠶᠢᠨ ᠳᠣᠲᠣᠷ᠎ᠠ ᠴᠢᠭᠢᠭᠯᠢᠭ ᠬᠠᠯᠠᠭᠤᠨ ᠬᠤᠷᠠᠮᠳᠤᠵᠤ᠂ ᠬᠠᠯᠠᠵᠤ ᠸᠠᠭᠠᠯᠤᠨ ᠴᠢᠨᠠᠷ ᠨᠢ ᠬᠤᠪᠢᠷᠠᠳᠠᠭ ᠪᠤᠯᠬᠤᠷ ᠨᠠᠮᠤᠷ ᠡᠪᠦᠯ ᠤᠨ ᠤᠯᠠᠷᠢᠯ ᠤᠨ ᠬᠠᠬᠢᠷ ᠬᠦᠢᠲᠡᠨ ᠭᠠᠩ ᠬᠠᠭᠤᠷᠠᠢ ᠠᠭᠤᠷ ᠠᠮᠢᠰᠬᠤᠯ ᠢ ᠭᠦᠢᠴᠡᠳ ᠠᠰᠢᠭᠯᠠᠨ ᠰᠠᠯᠬᠢ ᠨᠠᠪᠲᠠᠷᠡᠭᠦᠯᠵᠦ᠂ ᠠᠮᠤ ᠪᠤᠳᠠᠭᠠᠨ ᠤ ᠳᠤᠯᠠᠭᠠᠨ ᠢ 10℃ ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠬᠡᠷᠡᠭᠲᠡᠢ᠃     ᠳᠥᠷᠪᠡ ᠳᠤ ᠳᠣᠣᠷ᠎ᠠ ᠳᠤᠯᠠᠭᠠᠨ ᠳᠤ ᠨᠢᠭᠲᠠ ᠪᠢᠲᠡᠭᠦᠮᠵᠢᠯᠡᠬᠦ ᠬᠡᠷᠡᠭᠲᠡᠢ᠃ ᠬᠠᠪᠤᠷ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠳᠡᠭᠡᠭᠰᠢᠯᠡᠬᠦ ᠠᠴᠠ ᠡᠮᠦᠨ᠎ᠡ᠂ ᠰᠦᠯᠢᠶᠥᠦ ᠪᠦᠷᠬᠦᠪᠴᠢ᠂ ᠨᠡᠬᠡᠮᠡᠯ ᠤᠨ ᠤᠭᠤᠲᠠ ᠵᠡᠷᠭᠡ ᠮᠠᠲ᠋ᠧᠷᠢᠶᠠᠯ ᠢᠶᠠᠷ ᠲᠤᠲᠤᠷᠭ᠎ᠠ ᠶᠢ ᠨᠢᠭᠲᠠ ᠪᠢᠲᠡᠭᠦᠮᠵᠢᠯᠡᠵᠦ᠂ ᠳᠣᠣᠷ᠎ᠠ ᠳᠤᠯᠠᠭᠠᠨ᠂ ᠳᠣᠣᠷ᠎ᠠ ᠬᠦᠴᠢᠯᠲᠥ᠋ᠷᠥᠭᠴᠢ ᠪᠠᠷ ᠬᠠᠳᠠᠭᠠᠯᠠᠵᠤ᠂ ᠬᠠᠳᠠᠭᠠᠯᠠᠯᠲᠠ ᠶᠢᠨ ᠲᠣᠭᠲᠠᠪᠤᠷᠢᠲᠤ ᠴᠢᠨᠠᠷ ᠢ ᠨᠡᠮᠡᠭᠳᠡᠬᠦᠯᠬᠦ ᠬᠡᠷᠡᠭᠲᠡᠢ᠃      ᠲᠠᠪᠤ ᠳᠤ ᠬᠤᠷᠣᠬᠠᠢ ᠪᠠ ᠬᠤᠯᠤᠭᠠᠨ᠎ᠠ ᠶᠢ ᠰᠡᠷᠭᠡᠶᠢᠯᠡᠬᠦ ᠬᠡᠷᠡᠭᠲᠡᠢ᠃ ᠬᠡᠷᠪᠡ ᠬᠤᠷᠣᠬᠠᠢ ᠶᠢᠨ ᠬᠥᠨᠥᠭᠡᠯ ᠢ ᠣᠯᠵᠤ ᠮᠡᠳᠡᠪᠡᠯ ᠨᠡᠷᠡᠨ ᠳᠤ ᠡᠭᠡᠭᠡᠬᠦ᠂ ᠥᠨᠳᠥᠷ ᠳᠤᠯᠠᠭᠠᠨ ᠢᠶᠠᠷ ᠪᠢᠲᠡᠭᠦᠮᠵᠢᠯᠡᠬᠦ᠂ ᠬᠦᠴᠢᠯᠲᠥ᠋ᠷᠥᠭᠴᠢ ᠳᠤᠳᠠᠭᠳᠠᠭᠤᠯᠬᠤ ᠵᠡᠷᠭᠡ ᠹᠢᠽᠢᠺ ᠤᠨ ᠠᠷᠭ᠎ᠠ ᠪᠠᠷ ᠬᠤᠷᠤᠬᠠᠶᠢᠳᠠᠬᠤ ᠶᠢ ᠰᠡᠷᠭᠡᠶᠢᠯᠡᠨ ᠵᠠᠰᠠᠵᠤ ᠪᠣᠯᠤᠨ᠎ᠠ︔ ᠬᠡᠷᠪᠡ ᠬᠤᠯᠤᠭᠠᠨ᠎ᠠ ᠶᠢᠨ ᠬᠥᠨᠥᠭᠡᠯ ᠤᠨ ᠠᠰᠠᠭᠤᠳᠠᠯ ᠲᠣᠪᠤᠶᠢᠮ᠎ᠠ ᠲᠣᠬᠢᠶᠠᠯᠳᠤᠪᠠᠯ᠂ ᠠᠮᠤ ᠪᠤᠳᠠᠭ᠎ᠠ ᠬᠠᠳᠠᠭᠠᠯᠠᠬᠤ ᠣᠷᠴᠢᠨ ᠲᠣᠭᠤᠷᠢᠨ ᠤ ᠠᠷᠢᠭᠤᠨ ᠴᠡᠪᠡᠷ᠂ ᠵᠢᠭᠳᠡ ᠪᠠᠶᠢᠬᠤ ᠶᠢ ᠪᠠᠲᠤᠯᠠᠬᠤ᠂ ᠬᠤᠯᠤᠭᠠᠨ᠎ᠠ ᠶᠢ ᠪᠠᠷᠢᠬᠤ ᠪᠠᠭᠠᠵᠢ ᠶᠢ ᠠᠰᠢᠬᠯᠠᠬᠤ ᠵᠡᠷᠭᠡ ᠠᠷᠭ᠎ᠠ ᠮᠠᠶ᠋ᠢᠭ ᠢᠶᠠᠷ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠵᠤ ᠪᠣᠯᠣᠨ᠎ᠠ᠃  
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ