ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ᠃ | | 4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ | ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 | ᠵᠢᠯ ᠤᠨ ᠤᠢ ᠪᠣᠯᠣᠨ᠎ᠠ᠃ 10 ᠵᠢᠯ ᠤᠨ ᠲᠤᠷᠰᠢ ᠬᠡᠳᠦᠶᠢᠪᠡᠷ ᠳᠡᠯᠡᠬᠡᠢ ᠶᠢᠨ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ ᠭᠧᠷᠮᠠᠨ ᠤ | ᠬᠠᠷᠢᠯᠴᠠᠭ᠎ᠠ ᠢᠮᠠᠭᠲᠠ ᠲᠣᠭᠲᠠᠪᠤᠷᠢᠲᠠᠢ ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ᠂ ᠬᠤᠶᠠᠷ ᠤᠯᠤᠰ ᠤᠨ | ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠨ ᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ ᠪᠠᠶᠢᠨ᠎ᠠ᠂ | ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠶᠢᠨ | ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ᠎ᠠ᠂ ᠳᠤᠮᠳᠠᠳᠤ ᠭᠧᠷᠮᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠠᠴᠢ | ᠬᠤᠯᠪᠣᠭᠳᠠᠯ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ ᠬᠡᠪᠴᠢᠶᠡᠨ ᠠᠴᠠ ᠳᠠᠪᠠᠵᠤ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠴᠢᠨᠠᠭᠰᠢᠯᠠᠪᠠᠯ ᠪᠦᠭᠦ | ᠳᠡᠯᠡᠬᠡᠢ ᠳᠤ ᠴᠥᠮ ᠴᠢᠬᠤᠯᠠ ᠨᠥᠯᠥᠭᠡ ᠲᠠᠢ ᠶᠤᠮ᠃ ᠬᠤᠶᠠᠷ ᠤᠯᠤᠰ ᠢᠶᠠᠷ ᠢᠶᠠᠨ ᠠᠯᠤᠰ ᠭᠡᠳᠦ ᠶᠢᠨ ᠪᠠ ᠪᠠᠶᠢᠯᠳᠤᠬᠤ ᠪᠣᠳᠣᠯᠭ᠎ᠠ ᠶᠢᠨ ᠬᠠᠷᠠᠭᠠᠰᠤ ᠠᠴᠠ ᠬᠤᠶᠠᠷ | ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭᠠᠯᠳᠤ | ᠴᠢᠨᠠᠷ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ ᠶᠡᠭᠡ ᠬᠤᠪᠢ ᠨᠡᠮᠡᠷᠢ | ᠦᠵᠡᠭᠦᠯᠵᠦ ᠥᠩᠭᠡᠷᠡᠭᠰᠡᠨ ᠶᠤᠮ᠃ ᠳᠤᠮᠳᠠᠳᠤ ᠭᠧᠷᠮᠠᠨ ᠤ ᠬᠤᠭᠤᠷᠣᠨᠳᠤ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠠᠷᠢᠯᠴᠠᠨ ᠠᠮᠤᠷ | ᠲᠦᠪᠰᠢᠨ ᠤ ᠰᠦᠷᠳᠡᠭᠦᠯᠦᠯ ᠪᠤᠯᠬᠤ ᠦᠭᠡᠢ ᠶᠤᠮ᠃ ᠳᠤᠮᠳᠠᠳᠤ ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂ ᠳᠡᠯᠡᠬᠡᠢ ᠳᠤ ᠠᠰᠢᠭᠲᠠᠢ ᠶᠤᠮ᠃ | ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠶᠠᠨ ᠬᠠᠳᠠᠨ ᠴᠢᠨᠠᠷ ᠪᠣᠯᠣᠨ | ᠠᠮᠢᠵᠢᠷᠠᠯ ᠤᠨ ᠬᠦᠴᠦᠨ ᠢᠶᠠᠨ ᠲᠡᠳᠦᠢ ᠳᠡᠭᠡᠭᠰᠢᠯᠡᠭᠦᠯᠵᠦ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠭᠦᠭ ᠠᠶᠠᠰ ᠪᠣᠯᠣᠨ | ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠶ᠎ᠡ᠃ ᠳᠤᠮᠳᠠᠳᠤ ᠤᠯᠤᠰ ᠤᠨ ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ ᠳᠡᠭᠡᠳᠦ ᠬᠡᠮᠵᠢᠶᠡᠨ ᠤ ᠲᠣᠭᠲᠠᠭᠤᠨ ᠴᠢᠨᠠᠷ | ᠪᠠ ᠠᠪᠴᠠᠯᠳᠤᠩᠭᠤᠢ ᠴᠢᠨᠠᠷ ᠲᠠᠢ ᠪᠠᠶᠢᠬᠤ ᠶᠢ ᠪᠠᠲᠤᠯᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ ᠶᠠᠪᠤᠯᠴᠠᠭ᠎ᠠ ᠪᠠᠨ | ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠠᠳᠠᠯᠢ | ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠣᠯᠢᠯᠴᠠᠨ ᠬᠠᠷᠢᠯᠴᠠᠨ ᠲᠣᠯᠢ ᠪᠤᠯᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ ᠠᠭᠤᠰᠤᠯᠴᠠᠵᠤ᠂ ᠬᠤᠶᠠᠷ ᠤᠯᠤᠰ ᠤᠨ ᠵᠠᠬ᠎ᠠ | ᠳᠡᠯᠭᠡᠭᠦᠷ ᠳᠡᠭᠡᠳᠦ ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ᠃ ᠳᠤᠮᠳᠠᠳᠤ ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽ᠠᠶᠤᠯ ᠲᠦᠭᠰᠢᠭᠦᠷᠢ︾ | ᠲᠠᠢ ᠪᠢᠰᠢ᠂ ᠬᠠᠷᠢᠨ ᠬᠤᠶᠠᠷ ᠲᠠᠯ᠎ᠠ ᠶᠢᠨ ᠬᠠᠷᠢᠯᠴᠠᠭ᠎ᠠ ᠲᠣᠭᠲᠠᠪᠤᠷᠢᠲᠠᠢ ᠪᠠᠶᠢᠬᠤ ᠶᠢᠨ ᠪᠠᠲᠤᠯᠠᠭ᠎ᠠ᠂ ᠢᠷᠡᠭᠡᠳᠦᠢ ᠶᠢ ᠨᠡᠭᠡᠭᠡᠬᠦ ᠠᠵᠠ ᠲᠣᠭᠢᠶᠠᠯ ᠪᠣᠯᠣᠨ᠎ᠠ᠃ ᠮᠠᠰᠢᠨ | ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠡ ᠴᠦ ᠲᠡᠷᠡ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ | ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠴᠦ ᠲᠡᠷᠡ᠂ ᠬᠤᠶᠠᠷ ᠤᠯᠤᠰ ᠴᠥᠮ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠯᠤᠲᠤ | ᠶᠡᠭᠡ ᠲᠠᠯᠳᠠ ᠬᠦᠴᠦᠨ ᠢ ᠠᠭᠤᠳᠠᠯᠵᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠯᠡ ᠲᠣᠳᠣ ᠣᠨᠴᠠᠯᠢᠭ ᠢ | ᠪᠠᠳᠠᠷᠠᠭᠤᠯᠵᠤ᠂ ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ᠃ ᠳᠤᠮᠳᠠᠳᠤ ᠤᠯᠤᠰ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠳ᠋ᠢᠶᠠᠨ ᡂᠢ᠂ | ᠭᠡᠷᠡᠯᠴᠢ ᠴᠡᠨᠡᠭ ᠤᠨ ᠦᠢᠯᠡᠳᠬᠦᠨ ᠵᠡᠷᠭᠡ ᠶᠢ ᠭᠠᠳᠠᠭᠠᠳᠤ ᠳᠤ ᠭᠠᠷᠭᠠᠭᠰᠠᠨ ᠨᠢ ᠪᠦᠭᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠭᠦ ᠪᠥᠮᠪᠥᠷᠴᠡᠭ ᠤᠨ | ᠵᠣᠭᠤᠰ ᠮᠠᠭᠤᠳᠠᠬᠤ ᠳᠠᠷᠤᠯᠲᠠ ᠶᠢ ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ | ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ ᠪᠠᠶᠢᠨ᠎ᠠ᠃ ᠳᠤᠮᠳᠠᠳᠤ | ᠭᠧᠷᠮᠠᠨ ᠬᠤᠶᠠᠷ ᠤᠯᠤᠰ ᠴᠥᠮ ᠠᠵᠤ ᠦᠢᠯᠡᠰ ᠢᠶᠠᠷ ᠤᠯᠤᠰ ᠢᠶᠠᠨ ᠪᠠᠶᠢᠭᠤᠯᠵᠤ᠂ ᠴᠥᠮ ᠴᠢᠯᠦᠭᠡᠲᠦ ᠠᠷᠠᠯᠵᠢᠶ᠎ᠠ ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠶᠢ | ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ ᠲᠣᠯᠣᠭᠠᠢ ᠥᠨᠳᠡᠶᠢᠬᠦ ᠶᠢ ᠰᠡᠷᠡᠮᠵᠢᠯᠡᠵᠦ᠂ ᠵᠠᠬ᠎ᠠ ᠳᠡᠯᠭᠡᠭᠦᠷ ᠤᠨ ᠬᠠᠷᠠᠴᠠ ᠪᠣᠯᠣᠨ ᠪᠦᠭᠦ | ᠪᠥᠮᠪᠥᠷᠴᠡᠭ ᠤᠨ ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠠᠭᠤᠳᠠᠯ ᠳᠤ ᠪᠤᠰᠤᠳᠴᠢ᠂ | ᠬᠤᠪᠢᠰᠤᠩᠭᠤᠢ ᠪᠠᠷ ᠬᠠᠨᠳᠤᠵᠤ᠂ ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ ᠬᠥᠭᠵᠢᠬᠦ ᠳᠤ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠤ᠂ | ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠭᠧᠷᠮᠠᠨ ᠤ ᠬᠢᠨ ᠳᠤ ᠬᠦᠰᠡᠵᠦ ᠪᠠᠶᠢᠨ᠎ᠠ᠃ ᠳᠤᠮᠳᠠᠳᠤ ᠭᠧᠷᠮᠠᠨ ᠳᠡᠯᠡᠬᠡᠢ ᠶᠢᠨ | ᠣᠯᠠᠨ ᠲᠤᠶᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ ᠲᠠᠯ᠎ᠠ ᠲᠠᠢ ᠶᠤᠮ᠃ ᠤᠯᠠᠨ ᠲᠤᠶᠢᠯᠰᠢᠷᠠᠯᠲᠠ ᠨᠢ ᠮᠥᠨ ᠴᠢᠨᠠᠷ ᠳᠡᠭᠡᠷ᠎ᠡ ᠪᠠᠨ ᠠᠳᠠᠯᠢ ᠪᠤᠰᠤ | ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ ᠬᠤᠭᠤᠷᠣᠨᠳᠤ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠶᠣᠰᠣᠲᠠᠢ᠃ ᠳᠤᠮᠳᠠᠳᠤ ᠭᠧᠷᠮᠠᠨ ᠪᠡᠶ᠎ᠡ ᠪᠠᠨ ᠳᠠᠭᠠᠭᠠᠵᠤ ᠡᠵᠡᠨ ᠮᠡᠳᠡᠨ ᠤᠯᠠᠨ ᠲᠠᠯ᠎ᠠ ᠶᠢᠨ ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ | ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ ᠠᠮᠢᠰᠬᠤᠯ ᠤᠨ ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ ᠦᠭᠡᠢ ᠪᠠᠶᠢᠳᠠᠯ᠂ ᠭᠠᠵᠠᠷ ᠣᠷᠣᠨ ᠤ | ᠮᠥᠷᠭᠦᠯᠳᠦᠭᠡᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ ᠲᠡᠩᠴᠡᠭᠦᠷᠢ | ᠲᠣᠭᠲᠠᠭᠤᠨ ᠳᠤ ᠨᠡᠩ ᠤᠯᠠᠨ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃ | ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ | ᠬᠦᠷᠢᠶᠡᠨ ᠤ ᠶᠠᠪᠤᠯᠴᠠᠭ᠎ᠠ ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ ᠪᠠᠶᠢᠯᠳᠤᠬᠤ ᠪᠣᠳᠣᠯᠭ᠎ᠠ᠂ | ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ᠂ ᠪᠠᠰᠠ ᠠᠭᠤᠷ ᠠᠮᠢᠰᠬᠤᠯ ᠤᠨ | ᠬᠤᠪᠢᠷᠠᠯᠲᠠ ᠪᠣᠯᠣᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ ᠪᠣᠯᠣᠨ᠎ᠠ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ ᠤ ᠠᠵᠤ | ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ ᠱᠠᠩᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ ᠠᠵᠤ ᠠᠬᠤᠢ ᠶᠢᠨ | ᠬᠥᠭᠵᠢᠯᠲᠡ ᠶᠢᠨ ᠣᠶᠢᠷ᠎ᠠ ᠶᠢᠨ ᠵᠢᠯ ᠳᠤ ᠣᠯᠣᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ ᠣᠶᠢᠯᠠᠭᠠᠵᠤ᠂ ᠭᠧᠷᠮᠠᠨ ᠳᠤᠮᠳᠠᠳᠤ ᠬᠤᠶᠠᠷ ᠤᠯᠤᠰ ᠤᠨ ᠠᠵᠤ | ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠂ ᠡᠨᠡ ᠨᠢ ᠭᠧᠷᠮᠠᠨ ᠳᠤᠮᠳᠠᠳᠤ | ᠬᠤᠶᠠᠷ ᠤᠯᠤᠰ ᠵᠢᠴᠢ ᠳᠡᠯᠡᠬᠡᠢ ᠳ᠋ᠠᠬᠢᠨ ᠳᠤ ᠴᠥᠮ ᠲᠤᠶᠢᠯ ᠤᠨ ᠴᠢᠬᠤᠯᠠ ᠶᠤᠮ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ | ᠲᠠᠯᠠᠲᠤ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ | ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠶᠢ ᠳᠠᠮᠵᠢᠨ᠎ᠠ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ᠂ ᠭᠧᠷᠮᠠᠨ ᠳᠤᠷᠠᠲᠠᠶ᠎ᠠ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ | ᠦᠵᠡᠭᠦᠯᠦᠨ᠎ᠡ ᠭᠡᠵᠦ ᠢᠯᠡᠳᠬᠡᠪᠡ᠃ | ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠭᠧᠷᠮᠠᠨ ᠴᠥᠮ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ᠂ ᠴᠥᠮ᠎ᠡ ᠶᠢᠨ ᠵᠡᠪᠰᠡᠭ | ᠬᠡᠷᠡᠭᠯᠡᠬᠦ ᠪᠤᠶᠤ ᠡᠩᠬᠡ ᠲᠠᠶᠢᠪᠤᠩ ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ ᠡᠰᠡᠷᠭᠦᠴᠡᠵᠦ᠂ ᠣᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ ᠭᠡᠵᠦ ᠢᠯᠡᠳᠬᠡᠪᠡ᠃ | ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ | ᠰᠡᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠬᠢᠨ ᠡᠩᠬᠡ ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ ᠴᠢᠷᠮᠠᠶᠢᠪᠠᠯ ᠵᠣᠬᠢᠨ᠎ᠠ᠃ ᠡᠶᠢᠮᠦ ᠠᠴᠠ ᠳᠣᠣᠷᠠᠬᠢ | ᠬᠡᠳᠦᠨ ᠵᠠᠷᠴᠢᠮ ᠢ ᠪᠠᠷᠢᠮᠲᠠᠯᠠᠪᠠᠯ ᠵᠣᠬᠢᠨ᠎ᠠ᠄ ᠨᠢᠭᠡ ᠳᠤ ᠡᠩᠬᠡ ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ ᠴᠢᠬᠤᠯᠠᠴᠢᠯᠠᠵᠤ᠂ ᠬᠤᠪᠢ ᠶᠢᠨ ᠠᠰᠢᠭ ᠲᠤᠰᠠ ᠪᠠᠨ | ᠬᠥᠭᠡᠭᠡᠴᠡᠯᠳᠦᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ᠂ ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ | ᠪᠠᠶᠢᠬᠤ ᠬᠡᠷᠡᠭᠲᠡᠢ᠃ ᠭᠤᠷᠪᠠ ᠳᠤ ᠡᠩᠬᠡ ᠲᠠᠶᠢᠪᠤᠩ ᠢ ᠰᠡᠷᠭᠦᠭᠡᠬᠦ ᠳᠤ ᠨᠥᠬᠦᠴᠡᠯ ᠬᠤᠷᠠᠮᠳᠤᠭᠤᠯᠵᠤ᠂ ᠵᠥᠷᠢᠴᠡᠯ ᠢ ᠴᠢᠨᠠᠭᠰᠢᠳᠠ ᠬᠤᠷᠴᠠᠳᠬᠠᠬᠤ ᠦᠭᠡᠢ ᠪᠠᠶᠢᠬᠤ | ᠬᠡᠷᠡᠭᠲᠡᠢ᠃ ᠳᠥᠷᠪᠡ ᠳᠤ ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠲᠡᠢ᠃ ᠳᠤᠮᠳᠠᠳᠤ ᠤᠯᠤᠰ ᠪᠣᠯ ᠦᠺᠷᠠᠶᠢᠨ ᠤ ᠬᠢᠮᠤᠷᠠᠯ ᠤᠨ ᠬᠤᠯᠪᠤᠭ᠎ᠠ ᠲᠠᠢ ᠲᠠᠯ᠎ᠠ᠂ | ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ ᠤᠨ ᠠᠷᠭ᠎ᠠ ᠪᠠᠷ ᠢᠶᠠᠨ ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ | ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠲᠡᠮᠵᠢᠵᠥ᠂ ᠤᠷᠤᠰ ᠦᠺᠷᠠᠶᠢᠨ ᠬᠤᠶᠠᠷ ᠲᠠᠯ᠎ᠠ ᠶᠢᠨ ᠬᠢᠨ | ᠪᠦᠷ ᠮᠡᠳᠡᠷᠡᠬᠦ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ ᠣᠷᠤᠯᠴᠠᠬᠤ᠂ ᠪᠤᠢ ᠪᠦᠬᠦᠢ ᠨᠠᠶᠢᠷᠠᠮᠳᠠᠯ ᠤᠨ ᠲᠥᠰᠥᠯ ᠢ ᠡᠷᠬᠡ ᠲᠡᠭᠰᠢ ᠪᠠᠷ ᠶᠠᠷᠢᠯᠴᠠᠬᠤ ᠤᠯᠠᠨ | ᠤᠯᠤᠰ ᠤᠨ ᠡᠩᠬᠡ ᠲᠠᠶᠢᠪᠤᠩ ᠤᠨ ᠬᠤᠷᠠᠯ ᠢ ᠴᠠᠭ ᠲᠠᠭᠠᠨ ᠲᠣᠬᠢᠷᠠᠭᠤᠯᠤᠨ ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠬᠤᠯᠪᠣᠭᠳᠠᠯ | ᠪᠦᠬᠦᠢ ᠲᠠᠯ᠎ᠠ ᠶᠢᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃ | ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ ᠨᠠᠶᠢᠳᠠᠪᠤᠷᠢᠵᠢᠭᠤᠯᠵᠤ᠂ ᠬᠡᠷᠡᠭ ᠶᠡᠬᠡᠳᠬᠦ ᠶᠢ ᠰᠡᠷᠭᠡᠶᠢᠯᠡᠵᠦ᠂ ᠪᠠᠶᠢᠳᠠᠯ ᠴᠢᠨᠠᠭᠰᠢᠳᠠ ᠮᠠᠭᠤᠳᠠᠬᠤ ᠠᠴᠠ | ᠵᠠᠶᠢᠯᠠᠰᠬᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ ᠪᠠᠲᠤᠯᠠᠵᠤ᠂ ᠫᠠᠯᠧᠰᠲ᠋ᠠᠶᠢᠨ ᠤ | ᠠᠰᠠᠭᠤᠳᠠᠯ ᠢ ︽ᠬᠤᠶᠠᠷ ᠤᠯᠤᠰ ᠤᠨ ᠲᠥᠰᠥᠯ︾ ᠤᠨ ᠰᠠᠭᠤᠷᠢᠨ ᠳᠡᠭᠡᠷ᠎ᠡ ᠡᠷᠲᠡᠬᠡᠨ ᠬᠡᠯᠡᠯᠴᠡᠭᠡ ᠬᠢᠬᠦ ᠪᠠᠷ ᠳᠠᠮᠵᠢᠨ ᠰᠢᠢᠳᠪᠦᠷᠢᠯᠡᠬᠦ ᠶᠢ ᠳᠡᠮᠵᠢᠵᠦ᠂ ᠨᠥᠯᠥᠭᠡᠯᠡᠬᠦ | ᠬᠦᠴᠦᠨ ᠲᠠᠢ ᠤᠯᠤᠰ ᠢ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠤᠷᠢᠶᠠᠯᠠᠵᠤ᠂ | ᠫᠠᠯᠧᠰᠲ᠋ᠠᠶᠢᠨ ᠤ ᠠᠰᠠᠭᠤᠳᠠᠯ ᠤᠨ ᠡᠷᠲᠡᠬᠡᠨ ᠪᠦᠭᠦ ᠲᠠᠯ᠎ᠠ ᠶᠢᠨ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠭᠳᠡᠬᠦ ᠶᠢ ᠠᠬᠢᠭᠤᠯᠪᠠᠯ ᠵᠣᠬᠢᠨ᠎ᠠ ᠭᠡᠵᠦ | ᠦᠵᠡᠪᠡ᠃ | ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ ᠵᠣᠭᠤᠭᠯᠠᠵᠤ᠂ ᠥᠷᠭᠡᠨ | ᠳᠡᠯᠭᠡᠷ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ᠃ | ᠸᠠᠩ ᠢ ᠠᠭᠤᠯᠵᠠᠯᠲᠠ ᠳᠤ ᠣᠷᠣᠯᠴᠠᠵᠠᠢ᠃ | |