2024 ᠣᠨ ᠤ ᠵᠤᠨ ᠤ ᠤᠯᠠᠷᠢᠯ ᠤᠨ ᠪᠥᠬᠦ ᠤᠯᠤᠰ ᠤᠨ ᠨᠡᠭᠦᠷᠡᠰᠦᠨ ᠤ ᠠᠷᠠᠯᠵᠢᠶᠠᠨ ᠤ ᠴᠤᠭᠯᠠᠭᠠᠨ ᠮᠠᠨ ᠤ ᠬᠤᠲᠠ ᠳᠤ ᠶᠠᠪᠤᠭᠳᠠᠪᠠ ᠯᠢᠶᠠᠩ ᠵᠢᠶᠠ ᠺᠦᠨ ᠵᠧᠦ ᠳ᠋ᠧ ᠴᠠᠩ ᠳ᠋ᠦ᠋ ᠬᠤᠢ ᠯᠢᠶᠠᠩ ᠣᠷᠣᠯᠴᠠᠪᠠ
ᠨᠡᠶᠢᠲᠡᠯᠡᠭᠰᠡᠨ ᠴᠠᠭ᠄
2024/7/24

     7 ᠰᠠᠷ᠎ᠠ ᠶᠢᠨ 22 ᠤᠨ ᠡᠳᠦᠷ᠂ 2024 ᠣᠨ ᠤ ᠵᠣᠨ ᠤ ᠤᠯᠠᠷᠢᠯ ᠤᠨ ᠪᠥᠬᠦ ᠤᠯᠤᠰ ᠤᠨ ᠨᠡᠭᠦᠷᠡᠰᠦᠨ ᠤ ᠠᠷᠠᠯᠵᠢᠶᠠᠨ ᠤ ᠴᠤᠭᠯᠠᠭᠠᠨ ᠮᠠᠨ ᠤ ᠬᠤᠲᠠ ᠳᠤ

ᠶᠠᠪᠤᠭᠳᠠᠪᠠ᠃ ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠳᠠᠷᠤᠭ᠎ᠠ ᠯᠢᠶᠠᠩ ᠵᠢᠶᠠ ᠺᠦᠨ᠂ ᠤᠯᠤᠰ ᠤᠨ ᠠᠭᠤᠷᠬᠠᠢ ᠶᠢᠨ

ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶᠠᠨ ᠤ ᠳᠡᠳ᠋ ᠳᠠᠷᠤᠭ᠎ᠠ ᠵᠧᠦ ᠳ᠋ᠧ ᠴᠠᠩ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ

ᠠᠵᠤ ᠠᠬᠤᠢ ᠶᠢᠨ ᠠᠵᠢᠯᠯᠠᠭᠠᠨ ᠢ ᠵᠣᠬᠢᠴᠠᠭᠤᠯᠬᠤ ᠲᠣᠪᠴᠢᠶᠠᠨ ᠤ ᠳᠡᠳ᠋ ᠳᠠᠷᠤᠭ᠎ᠠ ᠲᠠᠩ ᠵᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ

ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ ᠢᠦᠢ ᠬᠠᠢ

ᠢᠦᠢ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ ᠪᠠᠶᠠᠷ ᠤᠨ ᠦᠭᠡ ᠬᠡᠯᠡᠪᠡ

      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ

ᠨᠡᠶᠢᠭᠡᠮᠯᠢᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠯᠢᠶᠠᠩ ᠵᠢᠶᠠ ᠺᠦᠨ᠂ ᠳ᠋ᠦ᠋ ᠬᠤᠢ ᠯᠢᠶᠠᠩ᠂ ᠢᠦᠢ

ᠬᠠᠢ ᠢᠦᠢ᠂ ᠦ᠋ ᠵᠢᠶᠠᠨ ᠰᠢᠶᠦ᠋ᠨ ᠵᠡᠷᠭᠡ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠤᠨ

ᠠᠷᠠᠯᠵᠢᠶᠠᠨ ᠤ ᠰᠦᠯᠵᠢᠶᠡᠨ ᠤ ᠲᠠᠪᠴᠠᠩ ᠵᠢᠩᠬᠢᠨᠢ ᠪᠠᠷ ᠨᠡᠪᠲᠡᠷᠡᠭᠰᠡᠨ ᠢ ᠬᠠᠮᠲᠤ ᠪᠠᠷ ᠭᠡᠷᠡᠴᠢᠯᠡᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ

ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᡁᠢ ᠵᠢᠶᠦ᠋ᠨ

︽ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠡᠨᠧᠷᠭᠢ ᠶᠢᠨ ᠬᠡᠯᠪᠡᠷᠢ ᠶᠢᠨ ᠬᠤᠪᠢᠷᠠᠭᠤᠯᠤᠯᠲᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃   

       2024 ᠣᠨ ᠤ ᠵᠤᠨ ᠤ ᠤᠯᠠᠷᠢᠯ ᠤᠨ ᠪᠦᠬᠦ ᠤᠯᠤᠰ ᠤᠨ ᠨᠡᠭᠦᠷᠡᠰᠦᠨ ᠤ ᠠᠷᠠᠯᠵᠢᠶᠠᠨ ᠤ ᠴᠤᠭᠯᠠᠭᠠᠨ ᠢ ᠳᠤᠮᠳᠠᠳᠤ ᠤᠯᠤᠰ ᠤᠨ ᠨᠡᠭᠦᠷᠡᠰᠦᠨ ᠤ ᠠᠵᠤ

ᠦᠢᠯᠡᠳᠪᠦᠷᠢ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠨᠡᠶᠢᠭᠡᠮᠯᠢᠭ ᠪᠠ ᠣᠷᠳᠣᠰ

ᠬᠤᠳᠠ ᠶᠢᠨ ᠵᠠᠰᠠᠭ ᠤᠨ ᠣᠷᠳᠣᠨ ᠬᠠᠮᠲᠤᠪᠠᠷ ᠳᠠᠭᠠᠭᠠᠴᠢᠯᠠᠨ ᠡᠷᠬᠢᠯᠡᠵᠦ᠂ ︽ᠨᠡᠭᠦᠷᠡᠰᠦᠨ ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠠᠲᠤᠯᠠᠵᠤ᠂

ᠨᠡᠭᠦᠷᠡᠰᠦᠨ ᠤ ᠬᠡᠷᠡᠭᠯᠡᠭᠡᠨ ᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠵᠤ᠂ ᠬᠤᠶᠠᠷ ᠡᠳᠦᠷ ᠶᠠᠪᠤᠭᠳᠠᠬᠤ

ᠪᠣᠯᠣᠨ᠎ᠠ᠃ ᠡᠨᠡ ᠬᠤᠭᠤᠴᠠᠭᠠᠨ ᠳᠤ ᠲᠡᠭᠡᠭᠡᠪᠦᠷᠢᠯᠡᠨ ᠪᠣᠷᠣᠯᠠᠭᠤᠯᠬᠤ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ

ᠬᠡᠷᠡᠭ ᠡᠷᠬᠢᠯᠡᠭᠴᠢᠳ ᠤᠨ ᠬᠤᠷᠠᠯ᠂ ᠡᠨᠧᠷᠭᠢ ᠶᠢᠨ ᠠᠵᠤ ᠦᠢᠯᠡᠰ ᠤᠨ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠰᠬᠠᠢ ᠰᠡᠳᠦᠪᠲᠦ ᠶᠠᠷᠢᠶᠠᠨ ᠤ

ᠲᠠᠪᠴᠠᠩ ᠵᠢᠴᠢ ᠨᠡᠭᠦᠷᠡᠰᠦᠨ ᠤ ᠲᠡᠭᠡᠭᠡᠪᠦᠷᠢ᠂ ᠨᠡᠭᠦᠷᠡᠰᠦᠨ ᠤ ᠬᠤᠭᠤᠴᠠᠭᠠᠲᠤ ᠪᠠᠷᠠᠭ᠎ᠠ ᠵᠡᠷᠭᠡ ᠲᠤᠰᠬᠠᠢ ᠠᠵᠢᠯ ᠤᠨ ᠬᠤᠷᠠᠯ ᠢ ᠡᠷᠬᠢᠯᠡᠵᠦ᠂ ᠭᠤᠣᠯ ᠪᠣᠯᠬᠤ ᠨᠡᠭᠦᠷᠡᠰᠦ

ᠭᠠᠷᠬᠤ ᠮᠤᠵᠢ ᠣᠷᠣᠨ ︵ᠬᠤᠳᠠ︶᠂ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠬᠡᠷᠡᠭᠯᠡᠭᠡᠨ ᠤ ᠠᠵᠤ ᠠᠬᠤᠶᠢᠯᠠᠯ᠂ ᠠᠷᠠᠯᠵᠢᠶᠠᠨ ᠤ ᠵᠠᠬ᠎ᠠ ᠳᠡᠯᠭᠡᠭᠦᠷ

ᠵᠡᠷᠭᠡ ᠨᠢᠭᠡᠴᠢ ᠶᠢ ᠵᠣᠬᠢᠶᠠᠨ ᠪᠠᠶᠢᠭᠤᠯᠵᠤ ᠳᠡᠯᠭᠡᠨ ᠦᠵᠡᠭᠦᠯᠬᠦ ᠪᠠ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃

            

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ