8 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ︽ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠢᠨ ᠬᠡᠯᠡᠬᠦ ᠳᠡᠭᠡᠨ᠂ ᠣᠳᠣᠬᠠᠨ ᠳᠤ ᠱᠠᠩᠬᠠᠶ ᠵᠡᠷᠭᠡ 22 ᠬᠤᠲᠠ ᠨᠢ ᠶᠠᠭ ᠬᠡᠷ ᠪᠠᠶᠢᠰᠢᠩ ᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠢ ᠲᠤᠷᠰᠢᠨ ᠬᠡᠷᠡᠭᠵᠢᠭᠦᠯᠵᠦ ᠪᠠᠶᠢᠨ᠎ᠠ᠂ ᠲᠤᠷᠰᠢᠯᠲᠠ ᠶᠢᠨ ᠭᠤᠤᠯᠳᠠᠯᠭ᠎ᠠ ᠪᠣᠯ ᠵᠠᠰᠠᠭ ᠤᠨ ᠣᠷᠳᠣᠨ ᠣᠯᠠᠨ | ᠨᠡᠶᠢᠲᠡ ᠶᠢᠨ ᠲᠠᠩᠰᠠᠨ ᠡᠷᠦᠬᠡ ᠶᠢ ᠪᠠᠶᠢᠭᠤᠯᠬᠤ ᠶᠠᠪᠤᠳᠠᠯ ᠪᠣᠯᠤᠨ᠎ᠠ ᠬᠡᠪᠡ᠃ | ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠨᠢ ᠨᠡᠶᠢᠭᠡᠮ ᠤᠨ ᠥᠷᠭᠡᠨ ᠠᠩᠬᠠᠷᠤᠯ ᠢ ᠲᠠᠲᠠᠵᠤ ᠪᠠᠶᠢᠨ᠎ᠠ᠂ ᠵᠠᠷᠢᠮ ᠬᠥᠮᠦᠨ ᠬᠡᠷ | ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠥᠪᠡᠷ ᠤᠨ ᠬᠢᠨᠢ ᠠᠵᠤ ᠠᠬᠤᠶ ᠶᠢᠨ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠡ ᠭᠡᠵᠦ ᠠᠶᠤᠵᠤ ᠪᠠᠶᠢᠨ᠎ᠠ᠂ | ᠦᠨᠡᠨ ᠳᠡᠭᠡᠨ ᠲᠡᠶᠢᠮᠦ ᠪᠢᠰᠢ ᠶᠤᠮ᠂ ᠰᠤᠷᠪᠤᠯᠵᠢᠯᠠᠭ᠎ᠠ ᠬᠦᠯᠢᠶᠡᠭᠰᠡᠨ ᠣᠯᠠᠨ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ ᠡᠨᠡ ᠬᠦ ᠲᠦᠷᠢᠮ ᠢ ᠬᠡᠷᠡᠭᠵᠢᠭᠦᠯᠦᠭᠰᠡᠨ ᠨᠢ | ᠠᠷᠠᠳ ᠣᠯᠠᠨ ᠤ ᠳᠠᠷᠤᠭᠠᠰᠤ ᠶᠢ ᠬᠦᠨᠳᠦᠷᠡᠭᠦᠯᠬᠦ ᠥᠬᠡᠶ ᠮᠥᠷᠲᠡᠭᠡᠨ ᠨᠠᠩ ᠴᠤ ᠣᠯᠠᠨ ᠤ ᠡᠷᠬᠡ ᠠᠰᠢᠭ ᠢ ᠬᠤᠬᠢᠷᠠᠭᠤᠯᠬᠤ ᠥᠬᠡᠶ ᠶᠤᠮ᠂ ᠭᠡᠳᠡᠷᠭᠦ ᠪᠠᠨ ᠬᠡᠷ | ᠪᠠᠶᠢᠰᠢᠩ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠩᠭᠠᠵᠤ ᠪᠣᠯᠤᠨ᠎ᠠ ᠭᠡᠵᠡᠶ᠃ | 8 ᠰᠠᠷ᠎ᠠ ᠶᠢᠨ 26 ᠤ ᠣᠷᠣᠶ᠂ ᠣᠯᠠᠨ ᠤ ᠠᠩᠬᠠᠷᠴᠤ ᠪᠠᠶᠢᠭ᠎ᠠ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠤᠨ | ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠥᠬᠦᠶ | ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠬᠠᠷᠢᠭᠤ ᠦᠭᠴᠡᠢ᠃ | ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠡᠯᠡ ᠮᠥᠩᠭᠦ ᠬᠠᠮᠢᠭ᠎ᠠ ᠠᠴᠠ ᠢᠷᠡᠵᠦ ᠪᠠᠶᠢᠭ᠎ᠠ ᠪᠤᠢ︖ | ᠬᠠᠷᠢᠭᠤᠯᠲᠠ᠄ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠤᠪᠢ ᠬᠥᠮᠦᠨ ᠤ ᠳᠠᠩᠰᠠᠨ ᠡᠷᠦᠬᠡ ᠪᠠ ᠣᠯᠠᠨ ᠨᠡᠶᠢᠲᠡ ᠶᠢᠨ ᠳᠠᠩᠰᠠᠨ | ᠡᠷᠦᠬᠡ ᠭᠡᠬᠦ ᠬᠤᠶᠠᠷ ᠬᠡᠰᠡᠭ ᠢᠶᠠᠷ ᠪᠦᠷᠢᠯᠳᠦᠨ᠎ᠡ᠃ ᠬᠤᠪᠢ ᠬᠥᠮᠦᠨ ᠤ ᠲᠠᠩᠰᠠᠨ ᠡᠷᠦᠬᠡ ᠭᠡᠳᠡᠭ ᠨᠢ ᠳᠠᠷᠤᠶ ᠥᠮᠴᠢᠲᠡᠨ ᠤ ᠲᠤᠰᠢᠶᠠᠨ ᠬᠠᠳᠠᠭᠠᠯᠠᠭᠤᠯᠤᠭᠰᠠᠨ | ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠪᠣᠯᠤᠨ᠎ᠠ᠂ ᠲᠤᠰᠢᠶᠠᠨ ᠬᠠᠳᠠᠭᠠᠯᠠᠭᠤᠯᠬᠤ ᠳᠠᠭᠠᠨ ᠣᠲᠣ ᠶᠢᠨ ᠬᠡᠷᠡᠭᠵᠢᠭᠦᠯᠵᠦ ᠪᠠᠶᠢᠭ᠎ᠠ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠳᠠᠩᠰᠠᠨ ᠡᠷᠦᠬᠡ ᠶᠢ ︽ᠭᠡᠷ ᠪᠠᠶᠢᠰᠢᠩ ᠠᠴᠠ ᠠᠪᠴᠤ᠂ ᠭᠡᠷ ᠪᠠᠶᠢᠰᠢᠩ ᠳᠤ ᠬᠡᠷᠡᠭᠯᠡᠬᠦ︾᠂ ︽ | ᠬᠤᠪᠢ ᠬᠥᠮᠦᠨ ᠤ ᠳᠠᠷᠤᠭᠠᠰᠤ ᠶᠢ ᠬᠦᠨᠳᠦᠷᠡᠭᠦᠯᠬᠦ ᠦᠭᠡᠶ᠂ ᠬᠤᠪᠢ ᠬᠥᠮᠦᠨ ᠤ ᠡᠷᠬᠡ ᠠᠰᠢᠭ ᠢ ᠬᠤᠬᠢᠷᠠᠭᠤᠯᠬᠤ ᠦᠭᠡᠶ︾ ᠪᠠᠶᠢᠬᠤ ᠵᠠᠷᠴᠢᠮ ᠤᠨ ᠶᠣᠰᠣᠭᠠᠷ᠂ | ᠵᠠᠰᠠᠭ ᠤᠨ ᠣᠷᠳᠣᠨ ᠠᠴᠠ ᠬᠠᠷᠢᠭᠤᠴᠠᠨ ᠪᠠᠶᠢᠭᠤᠯᠤᠨ᠎ᠠ᠂ ᠲᠤᠷᠰᠢᠯᠲᠠ ᠶᠢᠨ ᠴᠡᠭ ᠪᠣᠯᠬᠤ ᠬᠤᠲᠠ ᠠᠴᠠ ᠠᠪᠴᠤ ᠦᠵᠡᠪᠡᠯ᠂ ᠣᠷᠣᠨ ᠨᠤᠲᠤᠭ ᠤᠨ ᠵᠠᠰᠠᠭ ᠤᠨ | ᠣᠷᠳᠣᠨ ᠨᠢ ᠡᠳ᠋ ᠤᠨ ᠵᠠᠰᠠᠭ ᠠᠴᠠ ᠪᠠᠭ᠎ᠠ ᠰᠠᠭ᠎ᠠ ᠨᠥᠬᠦᠪᠥᠷᠢᠯᠡᠬᠦ᠂ ᠭᠠᠵᠠᠷ ᠰᠢᠷᠣᠢ ᠶᠢ ᠰᠢᠯᠵᠢᠭᠦᠯᠦᠨ ᠲᠠᠳᠠᠪᠤᠷᠢᠯᠠᠬᠰᠠᠨ ᠮᠥᠩᠭᠦ ᠶᠢ ᠴᠤᠭᠯᠠᠭᠤᠯᠬᠤ ᠵᠡᠷᠭᠡ ᠠᠷᠭ᠎ᠠ | ᠮᠠᠶ᠋ᠢᠭ ᠢᠶᠠᠷ ᠴᠤᠭᠯᠠᠭᠤᠯᠵᠤ ᠪᠤᠢ᠂ ᠡᠭᠦᠨ ᠤ ᠵᠣᠷᠢᠯᠭ᠎ᠠ ᠨᠢ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠡᠯᠡ ᠮᠥᠩᠭᠦ ᠶᠢᠨ ᠲᠣᠭᠲᠠᠪᠤᠷᠢᠲᠠᠶ | ᠠᠷᠭ᠎ᠠ ᠵᠠᠮ ᠢ ᠪᠠᠶᠢᠭᠤᠯᠵᠤ᠂ ᠰᠠᠭᠤᠭᠠᠯᠢ ᠠᠷᠠᠳ ᠢᠶᠠᠷ ᠢᠯᠡᠭᠦᠴᠡ ᠰᠦᠢᠳᠬᠡᠯ ᠲᠤᠰᠢᠶᠠᠯᠭᠠᠬᠤ ᠦᠭᠡᠶ᠂ ᠬᠤᠪᠢ ᠬᠥᠮᠦᠨ ᠤ ᠳᠠᠷᠤᠭᠠᠰᠤ ᠶᠢ ᠬᠦᠨᠳᠦᠷᠡᠭᠦᠯᠬᠦ ᠦᠭᠡᠶ | ᠶᠤᠮ᠃ | ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠶᠠᠮᠠᠷ ᠶᠠᠮᠠᠷ ᠭᠠᠵᠠᠷ ᠲᠤ ᠬᠡᠷᠡᠭᠯᠡᠬᠦ ᠪᠣᠶ︖ | ᠬᠠᠷᠢᠭᠤᠯᠲᠠ᠄ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠪᠠ ᠣᠯᠠᠨ ᠨᠡᠶᠢᠲᠡ ᠶᠢᠨ ᠲᠠᠩᠰᠠᠨ | ᠡᠷᠦᠬᠡ ᠶᠢᠨ ᠪᠠᠯᠠ ᠮᠥᠩᠭᠦ ᠨᠢ ᠬᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠢ ᠬᠠᠮᠲᠤ ᠪᠠᠷ ᠪᠠᠲᠤᠯᠠᠨ᠎ᠠ᠃ ᠬᠤᠪᠢ | ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠶᠢ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ | ᠶᠣᠰᠣᠭᠠᠷ᠂ ᠣᠷᠣᠨ ᠰᠠᠭᠤᠴᠠ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠨᠡᠶᠢᠲᠡ ᠪᠠᠷ ᠬᠡᠷᠡᠭᠯᠡᠬᠦ ᠲᠤᠨᠤᠭ ᠲᠥᠬᠦᠭᠡᠷᠦᠮᠵᠢ ᠶᠢᠨ ᠰᠡᠯᠪᠢᠨ ᠵᠠᠰᠠᠬᠤ ᠬᠤᠭᠤᠴᠠᠭ᠎ᠠ | ᠳᠠᠭᠤᠰᠤᠭᠰᠠᠨ ᠤ ᠳᠠᠷᠠᠭᠠᠬᠢ ᠰᠡᠯᠪᠢᠨ ᠵᠠᠰᠠᠬᠤ ᠪᠠ ᠰᠢᠨᠡᠳᠬᠡᠨ ᠵᠠᠰᠠᠬᠤ ᠳᠤ ᠠᠵᠢᠯ ᠳᠤ ᠲᠤᠰᠬᠠᠶ ᠬᠡᠷᠡᠭᠯᠡᠨ᠎ᠡ᠃ ᠣᠯᠠᠨ ᠨᠡᠶᠢᠲᠡ ᠶᠢᠨ ᠳᠠᠩᠰᠠᠨ ᠡᠷᠦᠬᠡ ᠶᠢᠨ ᠪᠡᠯᠡ | ᠮᠥᠩᠭᠦ ᠶᠢ ᠭᠤᠣᠯᠳᠠᠭᠤ ᠭᠡᠷ ᠪᠠᠶᠢᠰᠢᠩ ᠤᠨ ᠪᠦᠳᠦᠴᠡ ᠶᠢᠨ ᠪᠠᠶᠢᠴᠠᠭᠠᠯᠲᠠ ᠪᠠ ᠳᠠᠭᠠᠳᠬᠠᠯ ᠵᠡᠷᠭᠡ ᠵᠠᠷᠤᠯᠭ᠎ᠠ ᠳᠤ ᠬᠡᠷᠡᠭᠯᠡᠨ᠎ᠡ᠃ | |