ᠪᠥᠬᠦ ᠬᠤᠰᠢᠭᠤᠨ ᠤ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠲᠠᠲᠠᠪᠤᠷᠢᠯᠠᠨ ᠨᠤᠷᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2025/1/15
      1 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠲᠠᠲᠠᠪᠤᠷᠢᠯᠠᠨ ᠨᠤᠷᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠵᠠᠩ ᠸᠧᠶ ᠰᠢᠶᠦ᠋ᠩ ᠬᠤᠷᠠᠯ ᠳᠤ ᠣᠷᠣᠯᠴᠠᠭᠰᠠᠨ ᠪᠥᠭᠡᠳ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠲᠠᠲᠠᠪᠤᠷᠢᠯᠠᠨ ᠨᠤᠷᠠᠭᠠᠬᠤ ᠰᠢᠪᠲᠤᠯᠤᠯᠲᠠ ᠶᠢᠨ ᠠᠵᠢᠯᠯᠠᠭ᠎ᠠ ᠶᠢᠨ ᠲᠤᠬᠠᠶ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠱᠤᠸᠠᠢ ᠬᠤᠷᠠᠯ ᠢ ᠡᠷᠭᠢᠯᠡᠪᠡ᠃
全旗城市更新项目征拆动员部署会议召开.jpg
          ᠬᠤᠷᠠᠯ ᠠᠴᠠ᠂ ᠬᠤᠳᠠ ᠪᠣᠯ ᠠᠷᠠᠳ ᠤᠯᠠᠨ ᠤ ᠣᠷᠣᠰᠢᠨ ᠠᠮᠢᠳᠤᠷᠠᠬᠤ ᠭᠡᠷ ᠣᠷᠣᠨ ᠮᠥᠨ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠤᠲᠠ ᠶᠢᠨ ᠰᠢᠨᠡᠴᠢᠯᠡᠯᠲᠡ ᠶᠢ ᠲᠠᠷᠠᠭᠠᠴᠢ ᠶᠢᠨ ᠱᠠᠲᠤᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠬᠤᠲᠠ ᠶᠢᠨ ᠰᠢᠨᠡᠴᠢᠯᠡᠯᠲᠡ ᠨᠢ ᠠᠵᠤ ᠠᠬᠤᠶ ᠶᠢᠨ ᠬᠥᠭᠵᠢᠯᠲᠡ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠨᠢ ᠬᠤᠲᠠ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠳᠣᠬᠢ ᠪᠠᠶᠢᠳᠠᠯ ᠠᠴᠠ ᠬᠤᠴᠣᠷᠤᠭᠰᠠᠨ ᠪᠠᠶᠢᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠶ᠃      ᠬᠤᠷᠠᠯ ᠠᠴᠠ᠂ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠲᠦᠷᠦᠯ ᠤᠨ ᠲᠦᠭᠵᠢᠷᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠬᠢ ᠪᠠᠶᠠᠯᠢᠭ ᠢ ᠬᠤᠷᠠᠮᠳᠤᠭᠤᠯᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠢ᠃ ᠰᠠᠭᠤᠭᠠᠯᠢ ᠠᠷᠠᠳ ᠤᠨ ᠲᠥᠪᠬᠢᠨᠡᠭᠦᠯᠬᠦ ᠬᠦᠰᠡᠯ ᠡᠷᠡᠮᠡᠯᠵᠡᠯ᠂ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠨᠠᠷᠢᠨ ᠬᠢᠨᠠᠮᠠᠭᠠᠶ ᠡᠮᠬᠢᠯᠡᠵᠦ᠂ ᠳᠠᠩᠰᠠᠯᠠᠨ ᠳᠡᠪᠲᠡᠷᠯᠡᠵᠦ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠪᠡᠶᠡᠯᠡᠭᠦᠯᠦᠨ᠎ᠡ᠃ ᠲᠠᠲᠠᠪᠤᠷᠢᠯᠠᠬᠤ ᠶᠢ ᠰᠢᠰᠲ᠋ᠧᠮ ᠲᠠᠢ ᠠᠬᠢᠭᠤᠯᠵᠤ᠂ ᠪᠠᠶᠢᠳᠠᠯ ᠢ ᠤᠶᠢᠯᠠᠭᠠᠨ᠂ ᠭᠡᠷ ᠪᠠᠶᠢᠰᠢᠩ ᠢ ᠦᠨᠡᠯᠡᠨ ᠵᠢᠱᠢᠬᠦ ᠵᠢᠴᠢ ᠨᠥᠬᠦᠪᠥᠷᠢ ᠥᠭᠬᠦ ᠬᠡᠯᠡᠯᠴᠡᠭᠡᠷ ᠲᠣᠭᠲᠠᠭᠰᠠᠨ ᠵᠡᠷᠭᠡ ᠪᠠᠶᠢᠳᠠᠯ ᠢ ᠬᠠᠤᠯᠢ ᠶᠣᠰᠣᠭᠠᠷ ᠢᠯᠡ ᠪᠣᠯᠭᠠᠵᠤ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠶ᠃ ᠲᠥᠯᠥᠪᠵᠢᠭᠦᠯᠭᠡ ᠶᠢ ᠰᠠᠶᠢᠲᠤᠷ ᠬᠢᠵᠦ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠥᠨᠳᠥᠷ ᠬᠢᠷᠢ ᠲᠦᠪᠰᠢᠨ ᠪᠦᠬᠦᠢ ᠲᠥᠯᠥᠪᠵᠢᠭᠦᠯᠭᠡ ᠪᠠᠷ ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠢᠨᠡᠳᠬᠡᠬᠦ ᠬᠡᠰᠡᠭ ᠣᠷᠣᠨ ᠤ ᠨᠢᠭᠡᠴᠡ ᠶᠢ ᠬᠤᠪᠢᠶᠠᠷᠢᠯᠠᠬᠤ᠂ ᠨᠡᠭᠡᠭᠡᠨ ᠬᠥᠭᠵᠢᠭᠦᠯᠬᠦ ᠪᠠᠭᠲᠠᠭᠠᠮᠵᠢ᠂ ᠰᠢᠨᠡᠳᠬᠡᠬᠦ ᠵᠠᠭᠪᠤᠷ᠂ ᠭᠠᠵᠠᠷ ᠰᠢᠷᠣᠶ ᠶᠢᠨ ᠠᠰᠢᠭᠯᠠᠯᠲᠠ᠂ ᠠᠯᠪᠠᠨ ᠠᠴᠠ ᠪᠠᠶᠢᠭᠤᠯᠵᠤ᠂ ᠢᠵᠢ ᠪᠦᠷᠢᠳᠦᠭᠦᠯᠬᠦ᠂ ᠵᠠᠮ ᠬᠠᠷᠢᠯᠴᠠᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠠᠭᠤᠷᠢ ᠴᠢᠳᠠᠮᠵᠢ ᠨᠢ ᠪᠦᠷᠢᠨ ᠪᠤᠰᠤ᠂ ᠵᠦᠯᠭᠡ ᠭᠠᠵᠠᠷ ᠤᠨ ᠲᠠᠷᠬᠠᠯᠲᠠ ᠲᠡᠭᠰᠢ ᠪᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠨᠡᠳᠬᠡᠬᠦ ᠬᠡᠰᠡᠭ ᠣᠷᠣᠨ ᠤ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠢᠨᠠᠨ ᠵᠥᠪᠰᠢᠶᠡᠷᠡᠬᠦ᠂ ᠥᠨᠳᠥᠷ ᠪᠦᠲᠦᠮᠵᠢᠲᠡᠶ ᠪᠠᠷ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠬᠡᠷᠡᠭᠲᠡᠶ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠥᠯᠥᠪᠵᠢᠭᠦᠯᠭᠡ᠂ ᠭᠠᠵᠠᠷ ᠰᠢᠷᠣᠶ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠲᠠᠲᠠᠪᠤᠷᠢᠯᠠᠨ ᠲᠥᠪᠬᠢᠨᠡᠭᠦᠯᠬᠦ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ᠂ ᠶᠠᠰᠤ ᠴᠢᠨᠠᠷ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠵᠠᠷ ᠤᠨ ᠰᠠᠭᠤᠷᠢ᠂ ᠭᠤᠤᠯ ᠴᠣᠭᠴᠠ ᠶᠢᠨ ᠪᠦᠲᠦᠴᠡ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠬᠤ ᠬᠡᠷᠡᠭᠲᠡᠶ︔ ᠡᠯ᠎ᠡ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠨᠡᠩ ᠤᠯᠠᠨ ᠬᠤᠳᠠ ᠶᠢᠨ ᠲᠦᠷᠦᠯ ᠵᠦᠢᠯ ᠢ ᠰᠢᠨᠡᠳᠬᠡᠵᠦ᠂ ᠨᠡᠩ ᠤᠯᠠᠨ ᠪᠡᠯᠡ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠶ᠃ ᠰᠠᠬᠢᠯᠭ᠎ᠠ ᠪᠠᠲᠤ ᠶᠢ ᠴᠢᠩᠭᠠᠳᠬᠠᠵᠤ ᠂ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠬᠤᠰᠢᠭᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ᠂ ᠬᠢᠨᠠᠨ ᠪᠤᠳᠤᠬᠤ ᠰᠠᠯᠠᠭ᠎ᠠ ᠮᠥᠴᠢᠷ ᠲᠠᠲᠠᠪᠤᠷᠢᠯᠠᠨ ᠨᠥᠬᠦᠪᠥᠷᠢ ᠥᠭᠬᠦ᠂ ᠡᠭᠡᠭᠦᠯᠦᠨ ᠨᠡᠭᠦᠯᠭᠡᠵᠦ ᠲᠥᠪᠬᠢᠨᠡᠭᠦᠯᠬᠦ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠵᠡᠷᠭᠡ ᠡᠯ᠎ᠡ ᠵᠠᠩᠭᠢᠯᠠᠭ᠎ᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ︔ ᠬᠤᠶᠠᠷ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠨᠢ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠷᠦᠬᠡ ᠳᠤ ᠣᠷᠣᠵᠤ ᠰᠤᠷᠪᠤᠯᠵᠢᠯᠠᠬᠤ᠂ ᠲᠠᠲᠠᠪᠤᠷᠢᠯᠠᠨ ᠨᠤᠷᠠᠭᠠᠵᠤ ᠳᠠᠶᠢᠴᠢᠯᠠᠬᠤ᠂ ᠪᠡᠯᠡ ᠮᠥᠩᠭᠦ ᠶᠢ ᠪᠣᠳᠠᠲᠠᠶᠢᠵᠢᠭᠤᠯᠬᠤ᠂ ᠨᠥᠬᠦᠪᠥᠷᠢᠯᠡᠨ ᠲᠥᠪᠬᠢᠨᠡᠭᠦᠯᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠱᠠᠯᠠᠪᠳᠠᠭᠤᠯᠤᠨ ᠪᠠᠶᠢᠴᠠᠭᠠᠬᠤ ᠬᠡᠷᠡᠭᠲᠡᠢ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠠᠷᠢᠯᠢᠭ ᠣᠨᠣᠪᠴᠢᠲᠠᠢ ᠪᠠᠷ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠭᠠᠷᠠᠭ ᠪᠦᠷᠢ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠳᠡᠵᠦ᠂ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠬᠤᠷᠠᠯ ᠠᠴᠠ ᠪᠠᠰᠠ ︽ᠪᠥᠬᠦ ᠬᠤᠰᠢᠭᠤᠨ ᠤ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠲᠠᠲᠠᠪᠤᠷᠢᠯᠠᠨ ᠨᠤᠷᠠᠭᠠᠬᠤ ᠤᠳᠤᠷᠢᠳᠬᠤ ᠳᠤᠭᠤᠶᠢᠯᠠᠩ ᠪᠠ ᠲᠠᠲᠠᠪᠤᠷᠢᠯᠠᠨ ᠨᠤᠷᠠᠭᠠᠬᠤ ᠳᠤᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠤᠩᠰᠢᠨ ᠲᠠᠶᠢᠯᠪᠤᠷᠢᠯᠠᠪᠠ᠃      ᠡᠯ᠎ᠡ ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ ᠵᠡᠭᠡᠯᠢ ᠭᠤᠳᠤᠮᠵᠢ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠲᠥᠷᠥᠯ ᠵᠦᠢᠯ ᠤᠨ ᠨᠡᠭᠦᠯᠭᠡᠨ ᠰᠢᠯᠵᠢᠭᠦᠯᠬᠦ ᠳᠤᠭᠤᠶᠢᠯᠠᠩ ᠤᠨ ᠪᠦᠷᠢᠯᠳᠦᠬᠦᠨ᠂ ᠡᠯ᠎ᠡ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ