ᠳᠠᠯᠠᠳ ᠬᠤᠰᠢᠭᠤᠨ ᠤ ᠬᠤᠶᠠᠷ ᠬᠤᠷᠠᠯ ᠤᠨ ᠨᠠᠮ ᠤᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 15 ᠤ ᠡᠳᠤᠷ᠂ ᠲᠠᠯᠠᠳ ᠬᠤᠰᠢᠭᠤᠨ ᠤ ᠬᠤᠶᠠᠷ ᠬᠤᠷᠠᠯ ᠤᠨ ᠨᠠᠮ ᠤᠨ ᠭᠡᠰᠢᠭᠦᠳ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠵᠠᠩ ᠸᠧᠶ ᠰᠢᠶᠦ᠋ᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠦ ᠶᠦᠩ ᠹᠦ᠋᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠱᠤᠸᠠᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃
今日达旗:达拉特旗召开两会党员会议.jpg
    ᠶᠡᠭᠡ ᠬᠤᠷᠠᠯ ᠠᠴᠠ ᠳᠠᠯᠠᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶ᠎ᠠ ᠵᠢᠴᠢ ᠨᠠᠮ ᠤᠨ ᠡᠭᠦᠷ᠂ ᠤᠯᠤᠰ ᠲᠦᠷᠦ ᠶᠢᠨ ᠵᠥᠪᠯᠡᠯᠭᠡᠨ ᠤ ᠳᠠᠯᠠᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶ᠎ᠠ ᠵᠢᠴᠢ ᠨᠠᠮ ᠤᠨ ᠡᠭᠦᠷ ᠢ ᠪᠠᠶᠢᠭᠤᠯᠬᠤ ᠲᠣᠭᠲᠠᠭᠠᠯ ᠢ ᠨᠡᠶᠢᠲᠡᠯᠡᠪᠡ᠃    ᠸᠠᠩ ᠰᠢᠶᠤᠤ ᠫᠢᠩ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠬᠦ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠤᠨ᠎ᠠ᠂ ᠡᠨᠡ ᠤᠳᠠᠭ᠎ᠠ ᠶᠢᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠲᠥᠯᠥᠭᠡᠯᠡᠭᠴᠢ᠂ ᠨᠠᠮ ᠤᠨ  ᠭᠡᠰᠢᠭᠦᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢ ᠡᠷᠬᠢᠮᠯᠡᠨ ᠶᠡᠭᠡ ᠲᠠᠯ᠎ᠠ ᠶᠢ ᠬᠠᠷᠠᠭᠠᠯᠵᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠬᠥᠭᠵᠢᠯᠲᠡ ᠶᠢᠨ ᠦᠨᠳᠦᠷᠴᠡ ᠪᠣᠯᠤᠨ ᠪᠦᠬᠦ ᠲᠠᠯ᠎ᠠ ᠶᠢᠨ ᠬᠠᠷᠠᠭᠠᠰᠤ ᠠᠴᠠ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢ᠂ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠬᠠᠷᠠᠯᠲᠠ ᠡᠭᠦᠷᠭᠡ ᠪᠠᠨ ᠲᠣᠭᠲᠠᠭᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠣ᠂ ᠥᠷᠭᠡᠨ ᠣᠯᠠᠨ ᠲᠥᠯᠥᠭᠡᠯᠡᠭᠴᠢ ᠪᠣᠯᠤᠨ ᠭᠡᠰᠢᠭᠦᠳ ᠢ ᠬᠥᠲᠥᠯᠦᠨ ᠵᠢᠯᠣᠭᠤᠳᠴᠤ ᠪᠠᠶᠢᠭᠠᠳ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠶᠢᠨ ᠲᠣᠭᠤᠷᠢᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠦᠢᠯᠡᠰ ᠴᠣᠭᠴᠠᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠦᠷᠦᠭᠦᠯᠡᠨ ᠵᠢᠱᠢᠶ᠎ᠡ ᠦᠵᠡᠭᠦᠯᠵᠦ᠂ ᠪᠤᠰᠤᠳ ᠲᠥᠯᠥᠭᠡᠯᠡᠭᠴᠢ ᠪᠣᠯᠤᠨ ᠭᠡᠰᠢᠭᠦᠨ ᠢ ᠬᠦᠳᠦᠯᠦᠨ ᠵᠢᠯᠣᠭᠤᠳᠴᠤ᠂ ᠪᠠᠭᠤᠷᠠᠢ ᠭᠤᠭᠴᠤᠭ᠎ᠠ ᠶᠢᠨ ᠲᠣᠭᠤᠷᠢᠨ ᠳᠤ ᠰᠣᠳᠣ ᠮᠡᠷᠭᠡᠨ ᠤᠴᠢᠷ ᠶᠠᠪᠤᠳᠠᠯ ᠤᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠠᠷᠠᠳ ᠢ ᠪᠠᠶᠠᠵᠢᠭᠤᠯᠤᠨ ᠂ ᠬᠤᠰᠢᠭᠤ ᠶᠢ ᠬᠦᠴᠦᠷᠬᠡᠭᠵᠢᠭᠦᠯᠬᠦ ᠠᠷᠭ᠎ᠠ ᠶᠢ ᠢᠯᠡᠭᠦᠬᠡᠨ ᠳᠤᠷᠠᠳᠴᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠶᠢᠨ ᠦᠨᠳᠦᠰᠦᠯᠡᠯ ᠬᠠᠩᠭᠠᠬᠤ ᠬᠡᠷᠡᠭᠲᠡᠢ᠃ ᠰᠣᠩᠭᠤᠭᠤᠯᠢ ᠶᠢᠨ ᠲᠡᠰ ᠳᠠᠷᠠᠭᠠᠯᠠᠯ ᠢ ᠴᠢᠩᠭᠠᠳᠬᠠᠵᠤ ᠂ ᠨᠠᠮᠴᠢ ᠴᠢᠨᠠᠷ ᠢ ᠡᠷᠬᠢᠮᠯᠡᠨ ᠪᠦᠯᠬᠦᠮᠳᠡᠯ ᠢ ᠴᠢᠬᠤᠯᠠᠴᠢᠯᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠡᠷᠡᠰ ᠳᠠᠭᠠᠵᠤ᠂ ᠵᠣᠬᠢᠶᠠᠨ ᠪᠠᠶᠢᠭᠤᠯᠤᠯᠲᠠ ᠶᠢᠨ ᠲᠡᠰ ᠳᠠᠷᠠᠭᠠᠯᠠᠯ ᠪᠣᠯᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠣᠩᠭᠤᠭᠤᠯᠢ ᠶᠢᠨ ᠠᠵᠢᠯ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠪᠦᠬᠦ ᠲᠥᠯᠥᠭᠡᠯᠡᠭᠴᠢ᠂ ᠭᠡᠰᠢᠭᠦᠳ ᠤᠨ ᠡᠷᠬᠡ ᠪᠠᠨ ᠵᠥᠪ ᠢᠶᠠᠷ ᠬᠡᠷᠡᠭᠵᠢᠭᠦᠯᠬᠦ ᠶᠢ ᠬᠦᠳᠦᠯᠦᠨ ᠵᠢᠯᠣᠭᠤᠳᠴᠤ᠂ ᠵᠣᠬᠢᠶᠠᠨ ᠪᠠᠶᠢᠭᠤᠯᠤᠯᠲᠠ ᠶᠢᠨ ᠵᠣᠷᠢᠯᠲᠠ᠂ ᠠᠷᠠᠳ ᠲᠦᠮᠡᠨ ᠤ ᠵᠣᠷᠢᠭ ᠰᠠᠨᠠᠭ᠎ᠠ ᠪᠣᠯᠤᠨ ᠰᠣᠩᠭᠤᠭᠤᠯᠢ ᠶᠢᠨ ᠦᠷ᠎ᠡ ᠳ᠋ᠦᠩ ᠤᠨ ᠳᠡᠭᠡᠳᠦ ᠬᠡᠮᠵᠢᠶᠡᠨ ᠤ ᠨᠢᠭᠡᠳᠦᠯ ᠢ ᠪᠠᠲᠤᠯᠠᠬᠤ ᠬᠡᠷᠡᠭᠲᠡᠢ᠃ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠵᠦ᠂ ᠰᠠᠬᠢᠯᠭ᠎ᠠ ᠪᠠᠲᠤ ᠶᠢ ᠡᠷᠬᠢᠮᠯᠡᠨ ᠶᠣᠰᠣ ᠲᠦᠷᠢᠮ ᠢ ᠰᠠᠬᠢᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠶᠡᠭᠡ ᠬᠤᠷᠠᠯ ᠤᠨ ᠡᠳᠦᠷ ᠤᠨ ᠳᠠᠷᠠᠭᠠᠯᠠᠯ ᠤᠨ ᠲᠤᠬᠢᠷᠠᠭᠤᠯᠤᠯᠳᠠ ᠪᠣᠯᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠪᠠᠲᠤ ᠴᠢᠩᠭ᠎ᠠ ᠬᠤᠷᠠᠯ ᠤᠨ ᠰᠠᠬᠢᠯᠭ᠎ᠠ ᠪᠠᠲᠤ ᠪᠠᠷ ᠡᠪ ᠬᠠᠮᠲᠤ ᠨᠠᠮ ᠤᠨ ᠭᠡᠰᠢᠭᠦᠨ ᠤ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃    ᠳᠠᠯᠠᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠣᠲᠣᠷᠠᠬᠢ ᠨᠠᠮ ᠤᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠳᠠᠯᠠᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠭᠡᠰᠢᠭᠦᠳ ᠤᠨ ᠳᠣᠲᠣᠷᠠᠬᠢ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ