| 1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠱᠢ ᠭᠤᠸᠠᠩ ᠬᠤᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠬᠰᠠᠨ ᠮᠠᠨ ᠤ ᠬᠤᠳᠠ ᠶᠢᠨ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠬᠤᠳᠠ ᠶᠢᠨ ᠤᠳᠤᠷᠢᠳᠤᠯᠭ᠎ᠠ ᠯᠢ ᠯᠢ᠂ ᠢᠦᠢ ᠬᠠᠢ ᠢᠦᠢ᠂ ᠰᠦ᠋ ᠵᠦᠩ ᠱᠧᠩ ᠨᠠᠷ ᠬᠢᠨᠠᠨ ᠵᠥᠪᠯᠡᠬᠦ ᠳᠤ | ᠣᠷᠣᠯᠴᠠᠪᠠ ᠃ | ᠱᠢ ᠭᠤᠸᠠᠩ ᠬᠤᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠡᠨᠡ ᠵᠢᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠡᠢ᠂ ᠪᠢ ᠪᠦᠷᠢᠮᠦᠰᠦᠨ ᠵᠥᠪᠰᠢᠶᠡᠷᠡᠵᠦ | ᠪᠠᠶᠢᠨ᠎ᠠ᠃ ᠣᠷᠳᠣᠰ ᠬᠤᠳᠠ ᠨᠢ ᠮᠠᠨ ᠤ ᠣᠷᠣᠨ ᠤ ᠠᠵᠤ ᠠᠬᠤᠢ ᠶᠢᠨ ᠲᠣᠮᠣ ᠬᠤᠳᠠ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠰᠢᠨ᠎ᠡ ᠶᠢ ᠡᠭᠦᠳᠬᠦ | ᠬᠤᠰᠢᠭᠤᠷᠠᠯ ᠢ ᠪᠠᠲᠤ ᠰᠠᠬᠢᠵᠤ᠂ ᠣᠳᠣᠬᠢᠴᠢᠯᠠᠯᠲᠠ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠰᠢᠨ᠎ᠡ ᠶᠢ ᠡᠭᠦᠳᠦᠨ ᠬᠥᠭᠵᠢᠬᠦ ᠵᠠᠮ ᠢ ᠨᠡᠪᠲᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠦᠨᠳᠦᠰᠦᠨ ᠠᠴᠠ ᠨᠢ ᠵᠠᠰᠠᠬᠤ ᠪᠣᠳᠣᠯᠭ᠎ᠠ ᠶᠢ ᠴᠢᠩᠭᠠᠳᠬᠠᠵᠤ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ ᠠᠭᠤᠷᠬᠠᠢ ᠶᠢᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ᠂ ᠨᠡᠭᠦᠷᠡᠰᠦᠲᠥ᠋ᠷᠥᠭᠴᠢ | ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠦᠷᠦᠭᠦᠯᠡᠵᠦ᠂ ᠪᠣᠬᠢᠷᠳᠤᠯ ᠦᠭᠡᠢ ᠬᠥᠭᠵᠢᠯᠲᠡ ᠶᠢᠨ | ᠲᠦᠷᠦᠯ ᠲᠡᠮᠳᠡᠭᠲᠦ ᠶᠢ ᠴᠢᠷᠮᠠᠶᠢᠨ ᠡᠭᠦᠳᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠨᠡᠩ ᠢᠯᠡ ᠲᠥᠷᠥᠭᠳᠡᠯ ᠲᠠᠢ ᠪᠦᠲᠦᠮᠵᠢᠲᠡᠢ ᠰᠠᠶᠢᠲᠤᠷ | ᠬᠢᠵᠦ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠦᠨᠳᠦᠰᠦᠨ ᠱᠠᠲᠤᠨ ᠤ ᠰᠠᠭᠤᠷᠢ ᠶᠢ ᠨᠡᠩ ᠪᠠᠲᠤᠳᠬᠠᠬᠤ ᠬᠡᠷᠡᠭᠲᠡᠢ ᠭᠡᠪᠡ ᠃ | |