ᠯᠢ ᠯᠢ ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2025/1/17
  1 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠬᠰᠠᠨ ᠮᠠᠨ ᠤ ᠬᠤᠳᠠ ᠶᠢᠨ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠢᠨᠠᠨ ᠵᠥᠪᠯᠡᠬᠦ ᠳᠤ ᠣᠷᠣᠯᠴᠠᠪᠠ᠃  ᠯᠢ ᠯᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠲᠥᠪ ᠬᠤᠷᠢᠶᠠᠨ ᠤ ᠱᠠᠭᠠᠷᠳᠠᠯᠭ᠎ᠠ ᠳᠤ ᠨᠡᠶᠢᠴᠡᠵᠦ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠨ᠂ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠵᠣᠬᠢᠴᠠᠵᠤ᠂ ᠡᠭᠦᠷᠭᠡᠯᠡᠯ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠤᠯᠤᠰ ᠲᠦᠷᠦ ᠶᠢᠨ ᠵᠣᠭᠰᠣᠯᠲᠠ ᠪᠠᠲᠤ᠂ ᠬᠥᠭᠵᠢᠯᠲᠡ ᠶᠢᠨ ᠦᠷ᠎ᠡ ᠪᠦᠲᠦᠮᠵᠢ ᠡᠯᠪᠡᠭ᠂ ᠠᠵᠢᠯ ᠢᠶᠠᠨ ᠲᠥᠯᠥᠪᠵᠢᠭᠦᠯᠬᠦ ᠳᠡᠭᠡᠨ ᠭᠦᠨ ᠭᠦᠨᠵᠡᠭᠡᠢ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠰᠠᠶᠢᠨ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠠᠭᠠᠨ ᠡᠷᠴᠢᠮᠯᠢᠭ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠬᠥᠮᠥᠰ ᠢ ᠵᠣᠷᠢᠭᠵᠢᠭᠤᠯᠤᠭᠰᠠᠨ ᠰᠠᠶᠢᠨ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠪᠡ᠃  ᠯᠢ ᠯᠢ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ᠂ ᠪᠣᠳᠠᠲᠠᠢ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠨ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠳᠣᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠳᠡᠯᠡᠬᠡᠢ ᠶᠢᠨ ᠲᠡᠰ ᠤᠨ ᠲᠦᠷᠪᠡᠨ ᠠᠵᠤ ᠦᠢᠯᠡᠰ ᠢᠶᠠᠷ ᠬᠥᠲᠥᠯᠥᠮᠵᠢ ᠪᠤᠯᠭᠠᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠰᠢᠨ᠎ᠡ ᠮᠠᠲ᠋ᠧᠷᠢᠶᠠᠯ᠂ ᠵᠣᠬᠢᠶᠠᠮᠠᠯ ᠤᠶᠤᠨ ᠴᠢᠳᠠᠪᠤᠷᠢ᠂ ᠵᠢᠯᠣᠭᠤᠴᠢ ᠦᠭᠡᠢ ᠲᠡᠷᠭᠡ ᠮᠠᠰᠢᠨ ᠵᠡᠷᠭᠡ ᠬᠥᠭᠵᠢᠯᠲᠡ ᠶᠢᠨ ᠰᠢᠨ᠎ᠡ ᠵᠠᠮ ᠢ ᠵᠠᠪᠳᠤᠨ ᠡᠵᠡᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠬᠥᠳᠡᠯᠭᠡᠬᠦ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠬᠥᠭᠵᠢᠯᠲᠡ ᠶᠢᠨ ᠬᠦᠯᠢᠶᠡᠰᠦᠯᠡᠯ ᠢ ᠡᠪᠳᠡᠵᠦ᠂ ᠥᠭᠡᠷᠡᠴᠢᠯᠡᠯᠲᠡ ᠶᠢᠨ ᠰᠡᠳᠬᠢᠬᠦᠢ ᠪᠠᠷ ᠬᠦᠴᠦᠨ ᠵᠦᠢᠯ ᠤᠨ ᠬᠢᠵᠠᠭᠠᠷᠯᠠᠯ ᠢ ᠡᠪᠳᠡᠨ᠎ᠡ᠃ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠪᠦᠭᠦ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠨ᠎ᠠ᠃  ᠬᠤᠳᠠ ᠶᠢᠨ ᠤᠳᠤᠷᠢᠳᠤᠯᠭ᠎ᠠ ᠢᠦᠢ ᠬᠠᠢ ᠢᠦᠢ᠂ ᠰᠦ᠋ ᠵᠦᠩ ᠱᠧᠩ᠂ ᠺᠦᠩ ᠹᠠᠨ ᠹᠧᠢ᠂ ᠵᠢᠷᠤᠮᠲᠤ ᠬᠢᠨᠠᠨ ᠵᠥᠪᠯᠡᠬᠦ ᠳᠤ ᠣᠷᠣᠯᠴᠠᠪᠠ ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ