| 1 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠣᠷᠣᠯᠠᠭᠴᠢ ᠳᠠᠷᠤᠭ᠎ᠠ ᠢᠦᠢ ᠬᠠᠢ ᠢᠦᠢ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠬᠰᠠᠨ | ᠮᠠᠨ ᠤ ᠬᠤᠳᠠ ᠶᠢᠨ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠢ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠢᠨᠠᠨ ᠵᠥᠪᠯᠡᠬᠦ ᠳᠤ | ᠣᠷᠣᠯᠴᠠᠪᠠ᠃ | ᠢᠦᠢ ᠬᠠᠢ ᠢᠦᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠤᠨ ᠰᠡᠳᠬᠢᠯ ᠢ | ᠵᠣᠷᠢᠭᠵᠢᠭᠤᠯᠤᠨ ᠡᠷᠴᠢ ᠵᠣᠷᠢᠭ ᠢ ᠬᠥᠪᠴᠢᠯᠡᠭᠰᠡᠨ ᠰᠠᠶᠢᠨ ᠢᠯᠡᠳᠬᠡᠯ ᠪᠣᠯᠣᠨ᠎ᠠ᠂ ᠡᠭᠦᠨ ᠤ ᠳᠤᠮᠳᠠ ᠠᠴᠠ ᠥᠩᠭᠡᠷᠡᠭᠰᠡᠨ ᠨᠢᠭᠡ ᠵᠢᠯ ᠤᠨ ᠪᠦᠭᠦ ᠣᠷᠣᠨ ᠤ | ᠬᠥᠭᠵᠢᠯᠲᠡ ᠶᠢᠨ ᠬᠤᠷᠳᠤᠴᠠ ᠲᠦᠷᠭᠡᠨ᠂ ᠬᠥᠭᠵᠢᠯᠲᠡ ᠶᠢᠨ ᠴᠢᠨᠠᠷᠵᠢᠯ ᠥᠨᠳᠥᠷ᠂ ᠥᠭᠡᠷᠡᠴᠢᠯᠡᠯᠲᠡ ᠶᠢᠨ ᠡᠷᠴᠢᠮ ᠴᠢᠩᠭ᠎ᠠ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠪᠣᠳᠠᠲᠠᠢ ᠪᠠᠶᠢᠬᠤ ᠶᠢ ᠭᠦᠨᠵᠡᠭᠡᠢ ᠣᠶᠢᠯᠠᠭᠠᠪᠠ᠂ ᠢᠯᠡᠳᠬᠡᠯ ᠳᠤ 2025 ᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠦᠭᠦ ᠲᠠᠯ᠎ᠠ ᠶᠢᠨ᠂ | ᠴᠢᠭᠯᠡᠯᠲᠦ ᠴᠢᠨᠠᠷ ᠲᠠᠢ᠂ ᠵᠢᠯᠤᠭᠤᠳᠬᠤ ᠴᠢᠨᠠᠷ ᠲᠠᠢ᠂ ᠭᠡᠷᠡᠭᠵᠢᠭᠦᠯᠦᠰᠢᠳᠦ ᠴᠢᠨᠠᠷ ᠢᠶᠠᠷ ᠴᠢᠩᠭ᠎ᠠ ᠪᠠᠶᠢᠬᠤ ᠶᠢ ᠭᠦᠨᠵᠡᠭᠡᠢ ᠣᠶᠢᠯᠠᠭᠠᠵᠤ᠂ ᠡᠨᠡ ᠬᠦ ᠢᠯᠡᠳᠬᠡᠯ ᠢ | ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠣᠷᠳᠣᠰ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠷᠠᠭᠠᠭᠤ ᠠᠵᠢᠯᠯᠠᠵᠤ ᠪᠣᠳᠠᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ | ᠬᠦᠴᠦᠲᠡᠢ ᠠᠳᠬᠤᠨ᠂ ᠪᠦᠭᠦ ᠣᠷᠣᠨ ᠤ ᠬᠥᠭᠵᠢᠯᠲᠡ ᠶᠢᠨ ᠲᠤᠯᠭᠠᠭᠤᠷᠢᠯᠠᠭᠴᠢ᠂ ᠳᠠᠭᠠᠭᠤᠯᠤᠭᠴᠢ ᠪᠤᠯᠬᠤ ᠪᠠᠷ ᠴᠢᠷᠮᠠᠶᠢᠨ᠎ᠠ᠃ ᠨᠢᠭᠡ ᠳᠤ᠂ ︽ᠵᠢᠷᠭᠤᠭᠠᠨ ᠠᠵᠢᠯᠯᠠᠭ᠎ᠠ︾ | ᠶᠢ ᠶᠠᠪᠤᠭᠳᠠᠭᠤᠯᠬᠤ ᠳᠤ ᠡᠮᠦᠨ᠎ᠡ ᠨᠢ ᠤᠷᠤᠭᠰᠢᠯᠠᠵᠤ᠂ ᠬᠡᠷᠡᠭᠵᠢᠭᠦᠯᠬᠦ ᠲᠥᠰᠥᠯ ᠢ ᠲᠦᠷᠭᠡᠨ ᠲᠣᠭᠲᠠᠭᠠᠨ ᠨᠡᠶᠢᠲᠡᠯᠡᠵᠦ᠂ ᠠᠵᠢᠯ ᠢ ᠪᠦᠭᠦ ᠲᠠᠯ᠎ᠠ ᠪᠠᠷ ᠥᠷᠨᠢᠭᠦᠯᠬᠦ ᠶᠢ | ᠠᠬᠢᠭᠤᠯᠤᠨ᠂ ᠢᠯᠠᠩᠭᠤᠶ᠎ᠠ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠡᠷᠲᠡ ᠠᠴᠠ ᠡᠬᠢᠯᠡᠭᠦᠯᠬᠦ᠂ ᠡᠷᠲᠡ ᠠᠴᠠ ᠪᠠᠶᠢᠭᠤᠯᠵᠤ ᠳᠠᠭᠤᠰᠬᠠᠬᠤ᠂ | ᠡᠷᠲᠡ ᠠᠴᠠ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠎ᠠ᠃ ᠬᠤᠶᠠᠷ ᠲᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ | ᠰᠢᠨ᠎ᠡ ᠵᠠᠮ ᠢ ᠨᠡᠭᠡᠭᠡᠵᠦ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠵᠠᠮ ᠢ ᠲᠦᠷᠭᠡᠳᠬᠡᠨ ᠨᠡᠭᠡᠭᠡᠵᠦ᠂ ᠰᠢᠨ᠎ᠡ | ᠡᠨᠧᠷᠭᠢ ᠪᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠪᠠᠷᠢᠮᠲᠠᠯᠠᠨ᠂ ᠳᠡᠯᠡᠬᠡᠢ ᠶᠢᠨ ᠳᠡᠰ ᠤᠨ ᠳᠦᠷᠪᠡᠨ ᠠᠵᠤ ᠦᠢᠯᠡᠰ ᠢ ᠪᠦᠭᠦ | ᠬᠦᠴᠦᠨ ᠢᠶᠠᠷ ᠢᠶᠠᠨ ᠬᠦᠴᠦᠷᠬᠡᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ ᠭᠤᠷᠪᠠ ᠳᠤ᠂ ᠮᠠᠯᠵᠢᠬᠤ | ᠲᠠᠷᠢᠶᠠᠯᠠᠬᠤ ᠣᠷᠣᠨ ᠤ ᠬᠥᠭᠵᠢᠯᠲᠡ ᠶᠢᠨ ᠲᠠᠯ᠎ᠠ ᠪᠠᠷ ᠳᠠᠭᠤᠷᠢᠶᠠᠯ ᠦᠵᠡᠭᠦᠯᠵᠦ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ᠂ | ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ︾ ᠵᠠᠭᠪᠤᠷ ᠢ ᠬᠡᠷᠡᠭᠵᠢᠭᠦᠯᠦᠨ᠂ | ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ᠃ ᠳᠥᠷᠪᠡ ᠳᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ | ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠲᠣᠮᠣ ᠠᠷᠠᠳ ᠤᠨ ᠠᠮᠢᠳᠤᠷᠠᠯ ᠤᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ᠂ ᠴᠢᠨᠠᠷ ᠰᠠᠶᠢᠲᠠᠢ ᠬᠤᠳᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠢ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠥᠨᠳᠥᠷ ᠦᠷ᠎ᠡ ᠪᠦᠲᠦᠮᠵᠢᠲᠡᠢ | ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ ᠭᠡᠵᠡᠢ᠃ | ᠬᠤᠲᠠ ᠶᠢᠨ ᠤᠳᠤᠷᠢᠳᠤᠯᠭ᠎ᠠ ᠰᠦ᠋ ᠵᠥᠩ ᠱᠧᠩ᠂ ᠺᠦᠩ ᠹᠠᠨ ᠹᠧᠢ᠂ ᠵᠢᠷᠤᠮᠲᠤ ᠬᠢᠨᠠᠨ ᠵᠥᠪᠯᠡᠬᠦ ᠳᠤ ᠣᠷᠣᠯᠴᠠᠪᠠ ᠃ | |