ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠤᠶ᠎ᠠ | — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠢ ᠰᠤᠷᠪᠤᠯᠵᠢᠯᠠᠭᠰᠠᠨ ᠨᠢ | ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ | ᠪᠦᠳᠦᠭᠡᠨ ᠪᠠᠶᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠤ ᠠᠬᠤᠢ ᠶᠢᠨ ᠬᠥᠭᠵᠢᠯᠲᠡ ᠳᠤ ᠪᠠᠨ ᠪᠠᠶᠠᠷᠯᠠᠭᠤᠰᠢᠲᠠᠢ ᠦᠷ᠎ᠡ ᠪᠦᠲᠦᠭᠡᠯ | ᠤᠯᠪᠠ᠃ ᠥᠪᠥᠷ ᠮᠣᠩᠭᠤᠯ ᠰᠢᠨ᠎ᠡ ᠨᠢᠭᠡᠨ ᠵᠢᠯ ᠳᠤ ᠠᠵᠢᠯ ᠢᠶᠠᠨ ᠶᠠᠭᠠᠬᠢᠵᠤ ᠰᠠᠶᠢᠲᠤᠷ ᠬᠢᠪᠡᠯ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ | ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠴᠣᠭᠴᠠᠯᠠᠨ ᠪᠠᠶᠢᠭᠤᠯᠵᠤ ᠴᠢᠳᠠᠬᠤ ᠪᠤᠢ︖ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠢ ᠰᠤᠷᠪᠤᠯᠵᠢᠯᠠᠪᠠ᠃ | ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠳᠤ ᠲᠦᠷᠭᠡᠨ ᠣᠷᠣᠨ᠎ᠠ | ᠰᠤᠷᠪᠤᠯᠵᠢᠯᠠᠭᠴᠢ᠄ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠰᠠᠶᠢᠵᠢᠷᠠᠵᠤ ᠪᠣᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠴᠢᠬᠤᠯᠠ ᠶᠡᠭᠡ ᠠᠷᠭ᠎ᠠ ᠬᠡᠮᠵᠢᠶ᠎ᠡ ᠠᠪᠤᠭᠰᠠᠨ ᠪᠣᠢ︖ ᠶᠠᠮᠠᠷ ᠶᠠᠮᠠᠷ ᠲᠣᠪᠣᠶᠢᠮ᠎ᠠ ᠦᠷ᠎ᠡ ᠪᠦᠲᠦᠮᠵᠢ | ᠣᠯᠪᠠ︖ | ᠰᠦᠨ ᠱᠤᠤ ᠴᠧᠩ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠴᠢᠨᠠᠷ ᠰᠠᠶᠢᠲᠠᠢ ᠬᠥᠭᠵᠢᠭᠦᠯᠬᠦ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ ᠭᠡᠵᠡᠢ᠃ ᠪᠢᠳᠡ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠠᠲᠤᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠪᠠ ᠲᠣᠪᠣᠶᠢᠮ᠎ᠠ ᠳᠤᠲᠠᠭᠤᠳᠠᠯ ᠢ ᠰᠢᠢᠳᠪᠦᠷᠢᠯᠡᠬᠦ ᠠᠴᠠ | ᠭᠠᠷᠳᠠᠵᠤ᠂ ᠠᠵᠤ ᠠᠬᠤᠶ ᠪᠠᠨ ᠴᠢᠨᠠᠷ ᠤᠨ ᠬᠤᠪᠢ ᠳᠤ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠶᠢᠨ ᠲᠠᠯ᠎ᠠ ᠪᠠᠷ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠪᠠ᠃ | | ᠨᠢᠭᠡ ᠳᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ︽ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ | ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ︾ ᠭᠡᠰᠡᠨ ᠴᠢᠬᠤᠯᠠ ᠱᠠᠭᠠᠷᠳᠠᠯᠭ᠎ᠠ ᠶᠣᠰᠣᠭᠠᠷ᠂ | ᠪᠢᠳᠡ ᠤᠯᠠᠮᠵᠢᠯᠠᠯᠲᠤ ᠠᠵᠤ ᠦᠢᠯᠡᠰ ᠢᠶᠠᠨ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠪᠠᠨ ᠲᠦᠷᠭᠡᠳᠬᠡᠨ᠂ ᠰᠢᠨ᠎ᠡ ᠪᠠᠷ ᠡᠭᠦᠰᠦᠭᠰᠡᠨ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠬᠥᠭᠵᠢᠯᠲᠡ ᠶᠢ ᠪᠦᠬᠦ ᠬᠡᠯᠬᠢᠶ᠎ᠡ ᠪᠠᠷ ᠨᠢ ᠠᠬᠢᠭᠤᠯᠤᠨ᠂ | ᠨᠡᠭᠦᠷᠡᠰᠦ ᠪᠠᠨ ᠬᠤᠳᠠᠯᠳᠤᠬᠤ ᠶᠢ ᠴᠠᠬᠢᠯᠭᠠᠨ ᠬᠦᠷᠭᠡᠬᠦ ᠪᠣᠯᠭᠠᠨ ᠬᠤᠪᠢᠷᠠᠭᠤᠯᠵᠤ᠂ ᠲᠦᠯᠡᠰᠢ ᠪᠠᠨ ᠲᠦᠭᠦᠬᠡᠢ ᠮᠠᠲ᠋ᠧᠷᠢᠶᠠᠯ ᠪᠣᠯᠭᠠᠨ ᠬᠤᠪᠢᠷᠠᠭᠤᠯᠵᠤ᠂ ᠪᠣᠬᠢᠷᠲᠤᠯ | ᠦᠭᠡᠢ ᠴᠠᠬᠢᠯᠭᠠᠨ ᠢᠶᠠᠨ ᠪᠣᠬᠢᠷᠲᠤᠯ ᠦᠭᠡᠢ ᠤᠰᠤᠲᠥ᠋ᠷᠥᠭᠴᠢ ᠪᠣᠬᠢᠷᠲᠤᠯ ᠦᠭᠡᠢ ᠰᠢᠪᠲᠦᠷ ᠪᠣᠬᠢᠷᠲᠤᠯ ᠦᠭᠡᠢ ᠠᠯᠺᠤᠤᠯ ᠪᠣᠯᠭᠠᠨ ᠤᠷᠲᠤᠳᠬᠠᠬᠤ ᠪᠠᠷ ᠴᠢᠷᠮᠠᠶᠢᠵᠤ | ᠪᠣᠢ᠃ ᠨᠡᠭᠦᠷᠡᠰᠦ ᠪᠠᠷ ᠲᠣᠰᠣ ᠦᠢᠯᠡᠳᠦᠭᠰᠡᠨ᠂ ᠨᠡᠭᠦᠷᠡᠰᠦ ᠪᠠᠷ ᠰᠢᠲᠠᠮᠠᠬᠠᠶ ᠬᠡᠢ ᠦᠢᠯᠡᠳᠦᠭᠰᠡᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠦᠨ᠂ ᠰᠢᠨ᠎ᠡ ᠡᠨᠧᠷᠭᠢ | ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠢᠶᠠᠨ ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠭᠠᠬᠤ ᠶᠢ ᠪᠠᠲᠤᠯᠠᠵᠤ᠂ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠤᠯᠤᠨ᠂ ᠨᠡᠭᠦᠷᠡᠰᠦᠨ ᠤ ᠪᠤᠰᠤ ᠠᠵᠤ ᠦᠢᠯᠡᠰ ᠤᠨ | ᠨᠡᠮᠡᠭᠳᠡᠯ ᠤᠨ ᠬᠤᠷᠳᠤᠴᠠ ᠶᠢ ᠬᠤᠶᠠᠷ ᠵᠢᠯ ᠳᠠᠷᠠᠭᠠᠯᠠᠨ ᠨᠡᠭᠦᠷᠡᠰᠦᠨ ᠤ ᠠᠵᠤ ᠦᠢᠯᠡᠰ ᠠᠴᠠ ᠲᠦᠷᠭᠡᠨ ᠪᠣᠯᠭᠠᠨ᠂ ᠬᠤᠪᠣᠷ ᠰᠢᠷᠣᠶ ᠶᠢᠨ ᠠᠵᠤ ᠦᠢᠯᠡᠰ ᠤᠨ | ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠠᠪᠠᠭᠤᠯᠪᠠ᠃ | ᠬᠤᠶᠠᠷ ᠲᠤ ᠬᠤᠳᠠᠯᠳᠤᠭ᠎ᠠ ᠶᠢ ᠬᠥᠭᠵᠢᠭᠡᠨ ᠴᠢᠳᠠᠪᠤᠷᠢᠲᠠᠨ ᠢ ᠴᠤᠭᠯᠠᠭᠤᠯᠪᠠ᠃ ᠡᠬᠢ ᠪᠠᠶᠠᠯᠢᠭ ᠳᠠᠪᠠᠭᠤᠯᠢᠭ ᠰᠠᠶᠢᠲᠠᠢ ᠪᠣᠯᠪᠠᠴᠤ ᠵᠠᠬ᠎ᠠ ᠳᠡᠯᠭᠡᠭᠦᠷ ᠤᠨ | ᠬᠦᠴᠦᠨ ᠵᠦᠢᠯ ᠦᠯᠦ ᠬᠦᠷᠦᠯᠴᠡᠬᠦ ᠪᠣᠳᠠᠲᠤ ᠪᠠᠶᠢᠳᠠᠯ ᠠᠴᠠ ᠪᠠᠨ ᠡᠭᠦᠰᠴᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠴᠢᠳᠠᠪᠤᠷᠢᠲᠠᠨ ᠤᠷᠢᠵᠤ ᠠᠷᠭ᠎ᠠ | ᠤᠬᠠᠭᠠᠨᠲᠠᠳ ᠢ ᠵᠠᠯᠠᠬᠤ ᠠᠵᠢᠯ ᠢ ᠬᠦᠴᠦᠲᠡᠢ ᠠᠳᠬᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠪᠠ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠠ ᠠᠷᠠᠳ ᠠᠴᠠ ᠡᠵᠡᠩᠨᠡᠭᠰᠡᠨ ᠭᠤᠣᠯᠳᠠᠯᠭ᠎ᠠ ᠪᠣᠯᠬᠤ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ | ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾ ᠠᠵᠢᠯᠯᠠᠭ᠎ᠠ ᠶᠢ ᠥᠷᠨᠢᠭᠦᠯᠦᠨ᠂ ᠲᠦᠷᠦ ᠶᠢᠨ | ᠪᠤᠳᠤᠯᠭ᠎ᠠ ᠨᠤᠭᠤᠳ ᠢ ᠲᠣᠭᠲᠠᠭᠠᠨ ᠬᠡᠷᠡᠭᠵᠢᠭᠦᠯᠵᠦ᠂ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ | ᠲᠠᠲᠠᠵᠤ ᠥᠪᠥᠷ ᠮᠣᠩᠭᠤᠯ ᠳᠤ ᠠᠵᠢᠯᠯᠠᠭᠤᠯᠤᠨ ᠠᠳᠠᠯ ᠦᠢᠯᠡᠰ ᠪᠣᠰᠬᠠᠭᠤᠯᠪᠠ᠃ ᠣᠶᠢᠷ᠎ᠠ ᠶᠢᠨ ᠬᠤᠶᠠᠷ ᠵᠢᠯ ᠳᠤ ᠪᠡᠯᠡ ᠮᠥᠩᠭᠦ ᠶᠢ 1 ᠲᠦᠮᠡᠨ ᠳ᠋ᠦᠩᠰᠢᠭᠤᠷ | ᠲᠥᠭᠦᠷᠢᠭ᠂ ᠳᠡᠭᠡᠳᠦ ᠲᠠᠰ ᠤᠨ ᠴᠢᠳᠠᠪᠤᠷᠢᠲᠠᠨ ᠢ 1431 ᠣᠷᠣᠭᠤᠯᠤᠨ ᠠᠪᠴᠢᠷᠠᠵᠤ᠂ 2024 ᠣᠨ ᠳᠤ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ | ᠭᠤᠤᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠵᠦ᠂ 6.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠶᠡᠷᠦᠩᠬᠡᠶ ᠲᠤᠭ᠎ᠠ 9.3% ᠪᠠᠷ | ᠨᠡᠮᠡᠭᠳᠡᠵᠦ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠲᠤᠭ᠎ᠠ ᠬᠡᠮᠵᠢᠭᠳᠡᠯ ᠤᠨ ᠠᠳᠠᠯᠢᠳᠬᠠᠮᠵᠢ 70% ᠠᠴᠠ ᠳᠡᠭᠡᠭᠰᠢ ᠳᠤ ᠬᠦᠷᠲᠡᠯ᠎ᠡ ᠳᠡᠭᠡᠭᠰᠢᠯᠡᠪᠡ᠃ | ᠭᠤᠷᠪᠠ ᠳᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠪᠠ᠃ ᠡᠯ᠎ᠡ ᠱᠠᠲᠤᠨ ᠤ ᠬᠢᠨ ᠢ ᠬᠥᠲᠥᠯᠦᠨ ᠵᠢᠯᠣᠭᠤᠳᠴᠤ ᠪᠠᠶᠢᠭᠠᠳ ︽ᠡᠬᠢ ᠪᠠᠶᠠᠯᠢᠭ ᠢᠶᠠᠷ | ᠡᠯᠪᠡᠭ ᠪᠥᠭᠡᠳ ᠲᠥᠪᠯᠡᠷᠡᠩᠭᠦᠢ ᠪᠠᠶᠢᠪᠠᠴᠤ ᠥᠴᠦᠬᠡᠨ ᠴᠦ ᠪᠦᠷᠢᠯᠭᠡᠵᠦ ᠪᠣᠯᠬᠤ ᠦᠭᠡᠢ︾ ᠭᠡᠬᠦ ᠦᠵᠡᠯ ᠤᠬᠠᠮᠰᠠᠷ ᠢ ᠴᠢᠩᠭᠠᠷᠠᠭᠤᠯᠵᠤ᠂ ︽ᠲᠠᠪᠤ ᠶᠢ | ᠲᠦᠢᠯᠪᠤᠷᠢᠲᠠᠢ ᠱᠦᠭᠦᠨ ᠪᠠᠶᠢᠴᠠᠭᠠᠬᠤ︾ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠬ᠎ᠠ ᠬᠢᠵᠠᠭᠠᠷ ᠢ | ᠠᠯᠪᠠᠳᠠᠯᠭ᠎ᠠ ᠪᠠᠷ ︽ᠴᠢᠩᠭ᠎ᠠ ᠬᠢᠵᠠᠭᠠᠷᠯᠠᠨ ᠲᠣᠭᠲᠠᠭᠠᠵᠤ︾᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠶ᠂ ᠠᠭᠤᠷᠬᠠᠶ᠂ ᠮᠠᠲ᠋ᠧᠷᠢᠶᠠᠯ ᠵᠡᠷᠭᠡ ᠶᠢ | ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠤᠨ᠂ 2024 ᠣᠨ ᠳᠤ ᠪᠠᠨ ᠲᠠᠷᠢᠶᠠᠯᠠᠩ ᠳᠠᠬᠢ ᠠᠷᠪᠢᠯᠠᠭᠰᠠᠨ ᠤᠰᠤ 3.8 ᠳ᠋ᠦᠩᠰᠢᠭᠤᠷ | ᠺᠦᠪ ᠮᠧᠲᠷ ᠰᠢᠨ᠎ᠡ ᠪᠠᠷ ᠨᠡᠮᠡᠭᠳᠡᠪᠡ᠃ | ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠥᠪᠥᠷ ᠮᠣᠩᠭᠤᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ 3 ᠵᠢᠯ ᠳᠠᠷᠠᠭᠠᠯᠠᠨ ᠪᠦᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠲᠦᠷᠭᠡᠨ ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠳ᠋ ᠤᠨ ᠵᠠᠰᠠᠭ ᠤᠨ | ᠣᠷᠣᠯᠭ᠎ᠠ ᠶᠢᠨ ᠬᠤᠪᠢ ᠶᠢᠨ ᠵᠢᠩ ᠪᠠ ᠡᠳ᠋ ᠤᠨ ᠵᠠᠰᠠᠭ ᠤᠨ ᠣᠷᠣᠯᠭ᠎ᠠ ᠳᠠᠬᠢ ᠭᠠᠶᠢᠯᠢ ᠲᠠᠲᠠᠪᠤᠷᠢ ᠶᠢᠨ ᠬᠤᠪᠢ ᠶᠢᠨ ᠵᠢᠩ 10% ᠪᠠ 70% ᠠᠴᠠ ᠳᠡᠭᠡᠭᠰᠢ | ᠪᠠᠶᠢᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠶᠠᠭ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠳᠤ ᠲᠦᠷᠭᠡᠪᠴᠢᠯᠡᠨ ᠣᠷᠣᠵᠤ ᠪᠠᠶᠢᠨ᠎ᠠ᠃ | ᠦᠵᠡᠰᠭᠦᠯᠡᠩᠲᠦ ᠬᠢᠭᠡᠳ ᠬᠥᠭᠵᠢᠯᠲᠡ ᠶᠢᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠪᠡ | ᠰᠤᠷᠪᠤᠯᠵᠢᠯᠠᠭᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠢᠶᠠᠷ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠴᠢᠬᠤᠯᠠ ᠦᠷ᠎ᠡ ᠪᠦᠲᠦᠭᠡᠯ ᠤᠯᠬᠤ ᠶᠢ ᠠᠬᠢᠭᠤᠯᠵᠤ᠂ ︽ᠡᠯᠡᠰᠦ ᠭᠤᠪᠢ ᠴᠥᠯ︾ ᠤᠨ ᠰᠢᠨ᠎ᠡ ᠡᠨᠧᠷᠭᠢ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠭᠡᠵᠦ ᠳᠤᠷᠠᠳᠪᠠ᠃ ᠥᠪᠥᠷ ᠮᠣᠩᠭᠤᠯ ᠪᠣᠬᠢᠷᠲᠤᠯ ᠦᠭᠡᠢ ᠬᠥᠭᠵᠢᠯᠲᠡ ᠶᠢ ᠬᠡᠷᠬᠢᠨ | ᠰᠦᠪᠡᠭᠴᠢᠯᠡᠪᠡ︖ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠠᠮᠠᠷ ᠵᠡᠷᠭᠡ ᠪᠣᠢ︖ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠶᠠᠭᠤ | ᠪᠣᠯᠬᠤ ᠪᠣᠢ︖ | ᠰᠦᠨ ᠱᠣᠣ ᠴᠧᠩ᠄ ᠪᠣᠬᠢᠷᠲᠤᠯ ᠦᠭᠡᠢ ᠪᠠᠶᠢᠯᠭᠠᠬᠤ ᠪᠣᠯ ᠥᠪᠥᠷ ᠮᠣᠩᠭᠤᠯ ᠤᠨ ᠤᠭ ᠲᠥᠷᠬᠦ ᠪᠠ ᠦᠨ᠎ᠡ ᠥᠷᠲᠡᠭ ᠪᠣᠯᠣᠨ᠎ᠠ᠂ ᠡᠭᠦᠨ ᠢ ᠦᠢᠯᠡᠳᠦᠯᠭᠡ | ᠤᠯᠠᠮ ᠠᠴᠠ ᠤᠯᠠᠮ ᠭᠡᠷᠡᠴᠢᠯᠡᠵᠦ ᠪᠠᠶᠢᠨ᠎ᠠ᠃ ᠪᠢᠳᠡ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠬᠥᠭᠵᠢᠯᠲᠡ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ | ᠨᠡᠮᠡᠭᠳᠡᠭᠦᠯᠬᠦ ᠪᠠᠨ ᠵᠣᠬᠢᠴᠠᠭᠤᠯᠤᠨ ᠠᠬᠢᠭᠤᠯᠵᠤ᠂ ︽ᠦᠵᠡᠰᠬᠦᠯᠡᠩᠲᠦ ᠬᠢᠭᠡᠳ ᠬᠥᠭᠵᠢᠯᠲᠡ ᠶᠢᠨ ᠬᠤᠣᠰ ᠠᠮᠵᠢᠯᠲᠠ︾ ᠶᠢ ᠴᠢᠷᠮᠠᠶᠢᠨ ᠪᠡᠶᠡᠯᠡᠭᠦᠯᠪᠡ᠃ | ᠨᠢᠭᠡ ᠲᠠᠯ᠎ᠠ ᠪᠠᠷ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠪᠠ᠃ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠳᠦᠷ ᠪᠦᠷᠢ ᠳᠤᠮᠳᠠᠴᠢ ᠪᠠᠷ 6 ᠲᠦᠮᠡᠨ ᠮᠦ ᠶᠢᠨ ᠬᠤᠷᠳᠤᠴᠠ ᠪᠠᠷ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠨ ᠠᠬᠢᠭᠤᠯᠵᠤ᠂ ᠨᠢᠳᠤᠨᠤᠨ ᠪᠦᠬᠦ ᠣᠷᠣᠨ ᠳᠤ 1954 ᠲᠦᠮᠡᠨ ᠮᠦ ᠡᠯᠡᠰᠦ ᠶᠢ ᠵᠠᠰᠠᠵᠤ᠂ 659 ᠲᠦᠮᠡᠨ | ᠮᠦ ᠣᠶᠢᠵᠢᠭᠤᠯᠵᠤ᠂ 1923 ᠲᠦᠮᠡᠨ ᠮᠦ ᠡᠪᠡᠰᠦ ᠲᠠᠷᠢᠵᠤ᠂ ᠬᠠᠳᠤᠨ ᠭᠤᠣᠯ ᠤᠨ ︽ᠶᠡᠭᠡ ᠲᠣᠬᠤᠢ︾ ᠳᠠᠬᠢ ᠬᠥᠪᠴᠢ ᠶᠢᠨ ᠡᠯᠡᠰᠦᠨ ᠳᠤ | ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠪᠦᠰᠡ᠂ ᠡᠯᠡᠰᠦᠨ ᠤ ᠵᠠᠬ᠎ᠠ ᠶᠢ ᠴᠢᠳᠦᠷᠯᠡᠬᠦ | ᠤᠢ ᠵᠡᠷᠭᠡ ᠲᠦᠷᠪᠡᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠥᠩᠭᠡᠷᠡᠭᠰᠡᠨ ᠳᠤ᠂ ᠣᠷᠳᠣᠰ ᠤᠨ ᠵᠠᠭᠠᠭ ᠳᠣᠲᠣᠷᠠᠬᠢ ︽ᠠᠷᠪᠠᠨ ᠶᠡᠭᠡ ᠬᠦᠨᠳᠡᠢ︾ ᠵᠢᠯ | ᠪᠦᠷᠢ ᠬᠠᠲᠤᠨ ᠭᠤᠤᠯ ᠳᠤ 2700 ᠭᠠᠷᠤᠶ ᠲᠦᠮᠡᠨ ᠲᠣᠨ ᠡᠯᠡᠰᠦ ᠴᠢᠳᠬᠤᠵᠤ ᠪᠠᠶᠢᠭᠰᠠᠨ ᠠᠴᠠ ᠪᠠᠨ ᠣᠲᠣ ᠨᠢᠭᠡᠨᠲᠡ 400 ᠭᠠᠷᠤᠶ ᠲᠦᠮᠡᠨ ᠲᠣᠨ ᠬᠦᠷᠲᠡᠯ᠎ᠡ | ᠪᠠᠭᠤᠷᠠᠵᠤ᠂ 2030 ᠣᠨ ᠪᠣᠯᠬᠤ ᠳᠤ 100 ᠲᠦᠮᠡᠨ ᠲᠣᠨ ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠵᠦ ᠪᠤᠢ᠃ | ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ︽ᠤᠳᠤ | ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠬᠥᠭᠵᠢᠭᠦᠯᠬᠦ ᠬᠡᠷᠡᠭᠲᠡᠢ︾ ᠭᠡᠰᠡᠨ ᠴᠢᠬᠤᠯᠠ ᠱᠠᠭᠠᠷᠳᠠᠯᠭ᠎ᠠ ᠶᠣᠰᠣᠭᠠᠷ᠂ ᠰᠢᠨ᠎ᠡ ᠡᠨᠧᠷᠭᠢ ᠶᠢᠨ ᠪᠦᠬᠦ ᠠᠵᠤ | ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠪᠠ᠃ ᠨᠢᠳᠤᠨᠤᠨ ᠪᠥᠬᠦ ᠣᠷᠣᠨ ᠳᠠᠬᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.35 ᠳ᠋ᠦᠩᠰᠢᠭᠤᠷ | ᠺᠢᠯᠣᠸᠠᠲ ᠲᠤ ᠬᠦᠷᠴᠦ᠂ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠪᠣᠬᠢᠷᠲᠤᠯ ᠥᠬᠡᠶ ᠴᠠᠬᠢᠯᠭᠠᠨ ᠤ ᠬᠡᠷᠡᠭᠯᠡᠭᠡ ᠨᠢ | ᠴᠠᠬᠢᠯᠭᠠᠨ ᠬᠡᠷᠡᠭᠯᠡᠬᠦ ᠬᠡᠮᠵᠢᠶᠡᠨ ᠤ 30% ᠳᠤ ᠣᠶᠢᠷᠠᠳᠪᠠ᠃ ᠪᠢᠳᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ | ᠴᠣᠭᠴᠠᠯᠠᠪᠤᠷᠢ ᠶᠢ 2727 ᠲᠦᠮᠡᠨ ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠬᠦᠷᠵᠢᠭᠦᠯᠦᠨ ᠵᠠᠰᠠᠪᠠ᠃ ᠬᠥᠪᠴᠢ ᠶᠢᠨ ᠡᠯᠡᠰᠦᠨ ᠳᠤ 400 | ᠺᠢᠯᠣᠮᠧᠲᠷ ᠤᠷᠳᠤ᠂ 5 ᠺᠢᠯᠣᠮᠧᠲᠷ ᠥᠷᠭᠡᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠠᠵᠤ ᠦᠢᠯᠡᠰ ᠤᠨ ᠪᠥᠰᠡ ᠪᠠᠶᠢᠭᠤᠯᠬᠤ ᠪᠠᠷ ᠲᠥᠯᠥᠪᠯᠡᠵᠦ ᠪᠤᠢ᠃ | ᠭᠠᠲᠠᠭᠠᠲᠤ ᠶᠢᠨ ᠵᠠᠷᠢᠮ ᠵᠠᠭᠤᠴᠢᠯᠠᠭᠤᠷ ᠤᠨ ᠬᠢᠨ ᠡᠭᠦᠨ ᠢ ᠳᠣᠮᠲᠠᠲᠤ ᠤᠯᠤᠰ ᠣᠲᠤ ᠶᠠᠭ ᠥᠭᠡᠷ᠎ᠡ ᠨᠢᠭᠡᠨ ︽ᠤᠷᠲᠤ ᠴᠠᠭᠠᠨ ᠬᠡᠷᠡᠮ︾ ᠢ ᠪᠠᠶᠢᠭᠤᠯᠵᠤ᠂ ︽ | ᠳᠣᠮᠲᠠᠲᠤ ᠤᠯᠤᠰ ᠴᠠᠪᠡᠷ ᠡᠨᠧᠷᠭᠢᠲᠦ ᠢᠷᠠᠭᠡᠲᠣᠢ ᠵᠦᠭ ᠲᠡᠮᠡᠦᠯᠬᠦ ᠬᠤᠷᠲᠣᠴᠠ︾ ᠶᠢ ᠨᠢ ᠳᠦᠯᠣᠭᠡᠯᠠᠵᠤ ᠪᠠᠶᠢᠨ᠎ᠠ ᠭᠡᠵᠦ ᠮᠡᠳᠡᠭᠡᠯᠡᠵᠡᠢ᠃ | ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ ᠪᠠᠶᠢᠨ᠎ᠠ᠃ ᠡᠨᠡ ᠵᠢᠯ ᠤᠨ ᠬᠠᠷᠠᠯᠲᠠ ᠪᠣᠯ | 4000 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠰᠢᠨ᠎ᠡ ᠬᠡᠯᠪᠡᠷᠢ ᠪᠦᠬᠦᠢ ᠡᠨᠧᠷᠭᠢ ᠨᠥᠭᠡᠴᠡᠯᠡᠬᠦ ᠲᠥᠷᠥᠯ | ᠵᠦᠢᠯ ᠢ 1000 ᠲᠦᠮᠡᠨ ᠺᠢᠯᠣᠸᠠᠲ ᠠᠴᠠ ᠳᠡᠭᠡᠭᠰᠢ ᠪᠣᠯᠭᠠᠬᠤ ᠠᠵᠢᠯ ᠢ ᠰᠢᠨ᠎ᠡ ᠪᠠᠷ ᠡᠬᠢᠯᠡᠭᠦᠯᠵᠦ᠂ ᠤᠰᠤᠲᠥ᠋ᠷᠥᠭᠴᠢ ᠡᠨᠧᠷᠭᠢ ᠦᠢᠯᠡᠳᠪᠦᠷᠢᠯᠡᠬᠦ ᠴᠢᠳᠠᠮᠵᠢ ᠶᠢ | 20 ᠲᠦᠮᠡᠨ ᠲᠣᠨ ᠳᠤ ᠬᠦᠷᠦᠭᠦᠯᠵᠦ᠂ ᠭᠠᠳᠠᠭᠰᠢ 800 ᠳ᠋ᠦᠩᠰᠢᠭᠤᠷ ᠺᠢᠯᠣᠸᠠᠲ ᠴᠠᠭ ᠠᠴᠠ ᠳᠡᠭᠡᠭᠰᠢᠬᠢ ᠪᠣᠬᠢᠷᠲᠤᠯ ᠦᠭᠡᠢ ᠴᠠᠬᠢᠯᠭᠠᠨ ᠬᠦᠷᠭᠡᠬᠦ ᠪᠠᠷ | ᠴᠢᠷᠮᠠᠶᠢᠨ᠎ᠠ᠃ | ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠥᠷᠭᠡᠴᠡ ᠪᠠ ᠭᠦᠨᠴᠡ ᠶᠢ ᠢᠳᠡᠪᠬᠢᠲᠡᠢ ᠪᠠᠷ ᠥᠷᠭᠡᠳᠬᠡᠨ᠎ᠡ | ᠰᠤᠷᠪᠤᠯᠵᠢᠯᠠᠭᠴᠢ᠄ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠣᠯᠣᠨ᠎ᠠ᠂ ᠦᠢᠯᠡᠳᠦᠯᠭᠡ ᠶᠢᠨ | ᠳᠤᠮᠳᠠ ᠨᠡᠭᠡᠭᠡᠯᠲᠡ ᠬᠢᠵᠦ ᠬᠠᠮᠲᠤᠷᠠᠯᠴᠠᠨ ᠠᠵᠢᠯᠯᠠᠬᠤ ᠶᠢ ᠬᠡᠷᠬᠢᠨ ᠠᠬᠢᠭᠤᠯᠤᠭᠰᠠᠨ ᠪᠤᠢ︖ | ᠰᠦᠨ ᠱᠣᠣ ᠴᠧᠩ᠄ ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠤᠯᠠᠨ ᠠᠴᠠ ᠣᠨᠴᠠᠭᠠᠢ ᠪᠠᠶᠢᠵᠤ᠂ ᠣᠶᠢᠷ᠎ᠠ ᠶᠢᠨ ᠬᠤᠶᠠᠷ ᠵᠢᠯ ᠳᠤ ᠪᠢᠳᠡ | ᠨᠡᠭᠡᠭᠡᠯᠲᠡ ᠬᠢᠬᠦ ᠲᠠᠪᠴᠠᠩ ᠤᠨ ᠪᠠᠶᠢᠭᠤᠯᠤᠯᠲᠠ ᠪᠠᠨ ᠴᠢᠩᠭᠠᠳᠬᠠᠨ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠴᠣᠭᠴᠠᠯᠠᠬᠤ᠂ ᠳᠤᠮᠳᠠᠳᠤ ᠡᠸᠦ᠋ᠷᠦᠫᠡ ᠶᠢᠨ | ᠵᠢᠰᠢᠶᠠᠨ ᠤ ᠴᠤᠪᠤᠭ᠎ᠠ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠢ ᠦᠷᠭᠡᠳᠬᠡᠬᠦ ᠪᠠᠨ ᠨᠢᠭᠡᠳᠦᠯᠲᠡᠢ ᠲᠦᠯᠦᠪᠯᠡᠨ ᠠᠬᠢᠭᠤᠯᠵᠤ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ︽ᠳᠠᠬᠢᠨ ᠢᠶᠠᠷ ᠨᠡᠮᠡᠭᠳᠡᠭᠦᠯᠬᠦ ᠵᠢᠷᠭᠤᠭᠠᠨ ᠲᠥᠯᠥᠪᠯᠡᠭᠡ︾ ᠪᠠ ︽ᠲᠦᠷᠪᠡᠨ ᠵᠦᠢᠯ ᠤᠨ ᠠᠵᠢᠯᠯᠠᠭᠠᠨ︾ ᠢ ᠭᠦᠨᠵᠡᠭᠡᠢ | ᠬᠡᠷᠡᠭᠵᠢᠭᠦᠯᠦᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠲᠠᠯ᠎ᠠ ᠪᠠᠷ ᠰᠢᠨ᠎ᠡ | ᠳᠦᠷᠰᠦ ᠪᠠᠶᠢᠳᠠᠯ ᠲᠠᠢ ᠪᠣᠯᠵᠠᠢ᠃ ᠨᠢᠳᠤᠨᠤᠨ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠠᠮᠵᠢᠯᠲᠠ ᠲᠠᠢ ᠪᠠᠷ ᠵᠥᠪᠰᠢᠶᠡᠷᠡᠭᠳᠡᠵᠦ᠂ ᠪᠥᠬᠦ ᠣᠷᠣᠨ ᠤ ᠬᠠᠭᠤᠷᠠᠢ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ | ᠲᠣᠨ ᠢ ᠳᠠᠪᠠᠵᠤ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠡᠮᠵᠢᠶ᠎ᠡ᠂ ᠭᠠᠷ ᠳᠠᠮᠵᠢᠭᠰᠠᠨ ᠮᠠᠰᠢᠨ ᠲᠡᠷᠭᠡᠨ ᠤ | ᠭᠠᠳᠠᠭᠠᠳᠤ ᠭᠠᠷᠭᠠᠯᠲᠠ ᠶᠢᠨ ᠬᠡᠮᠵᠢᠶ᠎ᠡ᠂ ᠬᠢᠯᠢ ᠪᠠᠷ ᠣᠷᠣᠭᠤᠯᠵᠤ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠲᠣᠰ ᠲᠣᠰ 113%᠂ 68.3%᠂ | 53% ᠪᠠᠷ ᠨᠡᠮᠡᠭᠳᠡᠪᠡ᠃ ᠥᠪᠥᠷ ᠮᠣᠩᠭᠤᠯ ᠤᠨ ᠪᠦᠲᠦᠭᠡᠭᠳᠡᠬᠦᠨ ᠢᠶᠠᠨ ᠪᠡᠭᠡᠵᠢᠩ ᠳᠤ ᠣᠷᠣᠭᠤᠯᠵᠤ ᠪᠣᠷᠣᠯᠠᠭᠤᠯᠤᠭᠰᠠᠨ ᠲᠤᠭ᠎ᠠ᠂ ᠥᠪᠥᠷ ᠮᠣᠩᠭᠤᠯ ᠳᠠᠬᠢ | ᠪᠡᠭᠡᠵᠢᠩ ᠤᠨ ᠪᠡᠯᠡ ᠮᠥᠩᠭᠦᠨ ᠤ ᠪᠡᠯᠡ ᠣᠷᠣᠭᠤᠯᠤᠯᠲᠠ ᠶᠢᠨ ᠲᠤᠭ᠎ᠠ ᠶᠡᠭᠡ ᠪᠠᠷ ᠨᠡᠮᠡᠭᠳᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠵᠤ᠂ ᠤᠯᠤᠰ ᠤᠨ ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ ᠡᠭᠦᠳᠦᠯᠲᠡ ᠶᠢᠨ 223 ᠵᠦᠢᠯ ᠤᠨ ᠦᠷ᠎ᠡ ᠪᠦᠲᠦᠭᠡᠯ ᠢ | ᠬᠠᠭᠤᠯᠪᠤᠷᠢᠯᠠᠨ ᠳᠡᠯᠭᠡᠷᠡᠭᠦᠯᠪᠡ᠃ | ᠡᠨᠡ ᠵᠢᠯ᠂ ᠪᠢᠳᠡ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠳᠠᠭᠠᠳᠤ᠂ | ᠳᠣᠲᠣᠭᠠᠳᠤ ᠳᠠᠬᠢ ᠬᠠᠮᠲᠤᠷᠠᠯᠴᠠᠭ᠎ᠠ ᠪᠠ ᠣᠷᠣᠨ ᠤ ᠳᠣᠲᠣᠭᠠᠳᠤᠬᠢ ᠡᠯ᠎ᠡ ᠠᠶᠢᠮᠠᠭ ᠬᠤᠲᠠ ᠶᠢᠨ ᠬᠠᠮᠵᠢᠯᠴᠠᠭ᠎ᠠ ᠶᠢ ᠰᠢᠨ᠎ᠡ ᠲᠦᠪᠰᠢᠨ ᠳᠤ ᠬᠦᠷᠭᠡᠬᠦ ᠪᠠᠷ | ᠴᠢᠷᠮᠠᠶᠢᠨ᠎ᠠ᠃ ᠭᠠᠳᠠᠭᠠᠳᠤ ᠳᠤ᠂ ᠭᠤᠣᠯᠳᠠᠭᠤ ᠣᠷᠣᠰ ᠮᠣᠩᠭᠤᠯ ᠳᠤ ᠨᠡᠭᠡᠭᠡᠯᠲᠡ ᠬᠢᠬᠦ ᠪᠠᠨ ᠥᠷᠭᠡᠳᠬᠡᠵᠦ᠂ ︽ᠭᠠᠷᠭᠠᠬᠤ︾ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ︽ᠣᠷᠣᠭᠤᠯᠤᠭᠰᠠᠨ︾ ᠦᠢᠯᠡᠳᠬᠦᠨ ᠢᠶᠠᠨ ᠰᠠᠶᠢᠲᠤᠷ ᠬᠡᠷᠡᠭᠯᠡᠨ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ︔ ᠳᠣᠲᠣᠭᠠᠳᠤ ᠳᠤ ᠪᠠᠨ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢᠨ ᠥᠷᠭᠡᠴᠡ ᠪᠠ | ᠭᠦᠨᠴᠡ ᠶᠢ ᠥᠷᠭᠡᠳᠬᠡᠨ᠂ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠶᠢᠨ | ᠬᠥᠭᠵᠢᠯᠲᠡ ᠪᠠᠨ ᠪᠡᠶᠡᠯᠡᠭᠦᠯᠦᠨ᠎ᠡ᠃ ᠣᠷᠣᠨ ᠤ ᠳᠣᠲᠣᠭᠠᠳᠤ ᠳᠤ ᠪᠠᠨ᠂ ᠭᠤᠣᠯᠳᠠᠯᠭ᠎ᠠ ᠨᠢ ᠵᠡᠭᠦᠨ ᠬᠡᠰᠡᠭ ᠤᠨ ᠭᠠᠵᠠᠷ ᠣᠷᠣᠨ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠭᠠᠵᠠᠷ ᠣᠷᠣᠨ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠤᠯᠪᠤᠭᠠᠯᠠᠨ ᠬᠥᠭᠵᠢᠬᠦ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠶᠢ | ᠠᠬᠢᠭᠤᠯᠬᠤ ᠶᠠᠪᠤᠳᠠᠯ ᠪᠣᠯᠣᠨ᠎ᠠ᠂ ᠪᠢᠳᠡ ᠲᠣᠰ ᠲᠣᠰ ᠬᠤᠷᠠᠯ ᠬᠤᠷᠠᠯᠳᠤᠭᠤᠯᠵᠤ ᠨᠢᠭᠡᠳ ᠨᠢᠭᠡ ᠪᠠᠷ ᠰᠤᠳᠤᠯᠤᠨ ᠪᠠᠶᠢᠷᠢᠯᠠᠭᠤᠯᠤᠨ᠎ᠠ᠃ | ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ | ᠰᠤᠷᠪᠤᠯᠵᠢᠯᠠᠭᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠭᠤᠣᠯᠳᠠᠭᠤ ᠠᠯᠢ ᠲᠠᠯ᠎ᠠ ᠪᠠᠷ ᠬᠦᠴᠦᠯᠡᠬᠦ ᠪᠤᠢ︖ | ᠰᠦᠨ ᠱᠣᠣ ᠴᠧᠩ᠄ ᠥᠪᠥᠷ ᠮᠣᠩᠭᠤᠯ ᠤᠨ ᠬᠥᠭᠵᠢᠯᠲᠡ ᠳᠠᠬᠢ ᠬᠠᠮᠤᠭ ᠤᠨ ᠲᠤᠯᠭᠠᠮ ᠰᠢᠢᠳᠪᠦᠷᠢᠯᠡᠬᠦ ᠴᠢᠬᠤᠯᠠᠲᠠᠢ ᠪᠠᠶᠢᠭ᠎ᠠ ᠠᠰᠠᠭᠤᠳᠠᠯ ᠪᠣᠯ ᠵᠠᠬ᠎ᠠ | ᠳᠡᠯᠭᠡᠭᠦᠷ ᠤᠨ ᠤᠬᠠᠮᠰᠠᠷ ᠢᠶᠠᠷ ᠴᠢᠩᠭ᠎ᠠ ᠪᠤᠰᠤ ᠪᠠᠶᠢᠬᠤ ᠠᠰᠠᠭᠤᠳᠠᠯ ᠪᠣᠯᠣᠨ᠎ᠠ᠃ ᠪᠢᠳᠡᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠬᠤ ᠶᠢᠨ ᠭᠤᠣᠯᠳᠠᠯᠭ᠎ᠠ ᠪᠣᠯ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ︽ᠭᠤᠷᠪᠠᠨ ᠲᠦᠪᠰᠢᠨ︾ ᠢᠶᠠᠨ | ᠳᠡᠭᠡᠭᠰᠢᠯᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ | ᠨᠢᠭᠡ ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢᠶᠠᠨ ᠳᠡᠭᠡᠭᠰᠢᠯᠡᠭᠦᠯᠦᠨ᠎ᠡ᠃ ᠠᠵᠤ | ᠠᠬᠤᠢ ᠶᠢᠨ ᠠᠵᠢᠯᠯᠠᠭ᠎ᠠ ᠶᠢ ᠥᠷᠨᠢᠭᠦᠯᠬᠦ ᠳᠤ ᠡᠷᠬᠡᠪᠰᠢ ᠠᠵᠤ ᠠᠬᠤᠢ ᠶᠢᠨ ᠵᠢᠮ᠎ᠡ ᠶᠣᠰᠣ ᠪᠠᠷ ᠠᠵᠢᠯᠯᠠᠵᠤ᠂ ᠵᠠᠬ᠎ᠠ ᠳᠡᠯᠭᠡᠭᠦᠷ ᠲᠤ ᠲᠤᠰᠢᠶᠠᠨ ᠥᠭᠴᠦ ᠪᠣᠯᠬᠤ ᠶᠢ | ᠨᠢ ᠵᠠᠬ᠎ᠠ ᠳᠡᠯᠭᠡᠭᠦᠷ ᠲᠤ ᠲᠤᠰᠢᠶᠠᠨ ᠥᠭᠴᠦ᠂ ᠦᠷ᠎ᠡ ᠠᠰᠢᠭ ᠢ ᠨᠢ ᠠᠯᠢ ᠴᠢᠳᠠᠬᠤ ᠪᠠᠷ ᠬᠠᠮᠤᠭ ᠤᠨ ᠶᠡᠭᠡ ᠪᠣᠯᠭᠠᠨ᠎ᠠ᠃ ᠡᠭᠦᠨ ᠤ ᠲᠤᠯᠠᠳᠠ ᠪᠢᠳᠡ ᠦᠷ᠎ᠡ | ᠠᠰᠢᠭ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠶᠢ | ᠪᠠᠲᠤᠯᠠᠬᠤ ᠪᠠ ᠲᠡᠭᠦᠨ ᠳᠤ ᠦᠢᠯᠡᠴᠢᠯᠡᠬᠦ ᠤᠷᠢᠲᠠᠯ ᠳᠣᠣᠷ᠎ᠠ᠂ ᠡᠨᠧᠷᠭᠢ᠂ ᠴᠠᠬᠢᠯᠭᠠᠨ ᠬᠦᠴᠦᠨ᠂ ᠭᠠᠵᠠᠷ ᠰᠢᠷᠣᠢ᠂ ᠳ᠋ᠠᠶᠢᠲ᠋ᠠ ᠵᠡᠷᠭᠡ ᠬᠦᠴᠦᠨ ᠵᠦᠢᠯ ᠢ ᠴᠥᠮ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠲᠣᠬᠢᠷᠠᠭᠤᠯᠤᠨ᠎ᠠ ᠭᠡᠵᠦ ᠳᠤᠷᠠᠳᠪᠠ᠃ ᠨᠢᠳᠤᠨᠤᠨ ᠪᠥᠬᠦ ᠣᠷᠣᠨ ᠳᠤ ᠫᠠᠶᠢᠰᠠ ᠡᠯᠭᠦᠬᠦ᠂ ᠳᠠᠭᠠᠭᠠᠴᠢᠯᠠᠯᠲᠠ ᠵᠠᠷᠯᠠᠬᠤ᠂ | ᠦᠨ᠎ᠡ ᠬᠠᠶᠠᠯᠴᠠᠨ ᠬᠤᠳᠠᠯᠳᠤᠬᠤ ᠵᠡᠷᠭᠡ ᠬᠡᠯᠪᠡᠷᠢ ᠪᠠᠷ ᠠᠭᠤᠷᠬᠠᠢ ᠶᠢᠨ ᠠᠵᠢᠯ ᠲᠥᠷᠥᠯ ᠤᠨ 66 ᠡᠷᠬᠡ ᠶᠢ ᠰᠢᠯᠵᠢᠭᠦᠯᠦᠨ ᠬᠤᠳᠠᠯᠳᠤᠵᠤ᠂ 762 ᠳ᠋ᠦᠩᠰᠢᠭᠤᠷ | ᠺᠢᠯᠣᠸᠠᠲ ᠴᠠᠭ ᠤᠨ ᠪᠣᠬᠢᠷᠳᠤᠯ ᠦᠭᠡᠢ ᠴᠠᠬᠢᠯᠭᠠᠨ ᠢ ᠠᠷᠠᠯᠵᠢᠶᠠᠯᠠᠵᠤ᠂ ᠬᠡᠪᠴᠢᠶ᠎ᠡ ᠨᠢ ᠪᠥᠬᠦ ᠤᠯᠤᠰ ᠤᠨ ᠲᠡᠷᠢᠭᠦᠨ ᠳᠤ ᠪᠠᠶᠢᠷᠢᠯᠠᠪᠠ᠃ | ᠬᠤᠶᠠᠷ ᠲᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠥᠪ ᠭᠤᠣᠯᠴᠢ | ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠳᠤ ᠵᠥᠪᠬᠡᠨ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠴᠤ︾ ᠪᠣᠯᠬᠤ ᠦᠭᠡᠢ᠂ | ᠪᠠᠰᠠ ᠵᠠᠬ᠎ᠠ ᠳᠡᠯᠭᠡᠭᠦᠷ ᠤᠨ ᠲᠣᠭᠲᠠᠴᠠ ᠪᠠᠷ ︽ᠵᠢᠯᠤᠭᠤᠳᠬᠤ︾ ᠬᠡᠷᠡᠭᠲᠡᠢ᠃ ᠥᠩᠭᠡᠷᠡᠭᠰᠡᠨ ᠳᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ | ᠨᠥᠬᠦᠪᠦᠷᠢ ᠶᠢ ᠣᠯᠭᠤᠬᠤ ᠳᠤ ᠪᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠯᠦᠭᠡ ᠬᠤᠯᠪᠣᠭᠳᠠᠭᠤᠯᠬᠤ ᠦᠭᠡᠢ | ᠪᠠᠶᠢᠭᠰᠠᠨ ᠠᠴᠠ᠂ ᠵᠠᠷᠢᠮ ᠨᠢ ᠨᠥᠬᠦᠪᠦᠷᠢ ᠣᠯᠣᠭᠰᠠᠨ ᠴᠦ ᠳᠠᠭᠠᠭᠠᠴᠠ ᠠᠴᠠ ᠨᠢ ᠬᠡᠲᠦᠷᠡᠲᠡᠯ᠎ᠡ ᠪᠡᠯᠴᠢᠭᠡᠷᠯᠡᠨ ᠮᠠᠯᠵᠢᠵᠤ ᠪᠠᠶᠢᠪᠠ᠃ ᠨᠢᠳᠤᠨᠤᠨ ᠪᠢᠳᠡ ᠡᠨᠡ ᠬᠦ | ᠪᠠᠶᠢᠳᠠᠯ ᠢ ᠬᠤᠪᠢᠷᠠᠭᠤᠯᠤᠨ᠂ ᠳᠠᠭᠠᠭᠠᠴᠠ ᠠᠴᠠ ᠨᠢ ᠬᠡᠲᠦᠷᠡᠲᠡᠯ᠎ᠡ ᠪᠡᠯᠴᠢᠭᠡᠷᠯᠡᠭᠰᠡᠨ ᠳᠤ ᠨᠢ ᠨᠥᠬᠦᠪᠦᠷᠢ ᠥᠭᠬᠦ ᠦᠭᠡᠢ ᠪᠠᠷ ᠪᠠᠷᠠᠬᠤ ᠦᠭᠡᠢ ᠪᠠᠰᠠ ᠰᠢᠢᠳᠬᠡᠵᠦ | ᠲᠣᠷᠭᠠᠭᠰᠠᠨ ᠠᠴᠠ ᠦᠷ᠎ᠡ ᠳ᠋ᠦᠩ ᠨᠢ ᠳᠣᠣᠷ᠎ᠠ ᠪᠠᠨ ᠠᠳᠠᠯᠢ ᠦᠭᠡᠢ ᠪᠣᠯᠵᠤ᠂ ᠲᠤᠷᠰᠢᠯᠲᠠ ᠬᠢᠭᠰᠡᠨ 17 ᠬᠤᠰᠢᠭᠤ ᠰᠢᠶᠠᠨ ᠤ ᠪᠠᠶᠢᠭᠠᠯᠢᠯᠢᠭ ᠨᠤᠲᠤᠭ | ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ ᠴᠥᠮ 10% ᠠᠴᠠ ᠲᠣᠷᠤᠭᠠᠰᠠᠢ ᠬᠦᠷᠲᠡᠯ᠎ᠡ ᠪᠠᠭᠤᠷᠠᠵᠠᠢ᠃ ᠵᠠᠯᠭᠠᠭᠠᠳ ᠪᠢᠳᠡ | ᠡᠯ᠎ᠡ ᠬᠦᠷᠢᠶ᠎ᠡ ᠴᠠᠷᠠᠭᠠᠨ ᠳᠤ ᠡᠶᠢᠮᠦᠷᠬᠦᠦ ᠠᠷᠭ᠎ᠠ ᠶᠢ ᠬᠡᠷᠡᠭᠵᠢᠭᠦᠯᠵᠦ᠂ ᠬᠦᠴᠦᠨ ᠵᠦᠢᠯ ᠤᠨ ᠵᠠᠬ᠎ᠠ ᠳᠡᠯᠭᠡᠭᠦᠷ ᠤᠨ ᠬᠥᠰᠢᠭᠦᠷᠭᠡ ᠶᠢᠨ ᠦᠢᠯᠡᠳᠦᠯ ᠢ | ᠪᠠᠳᠠᠷᠠᠭᠤᠯᠬᠤ ᠪᠠᠷ ᠳᠠᠮᠵᠢᠭᠤᠯᠤᠨ ᠨᠡᠶᠢᠭᠡᠮ ᠤᠨ ᠡᠮᠬᠢ ᠳᠢᠭᠯᠢᠮ ᠢ ᠰᠢᠯᠢᠳᠡᠭᠵᠢᠭᠦᠯᠬᠦ ᠪᠣᠯᠣᠨ᠎ᠠ᠃ | ᠭᠤᠷᠪᠠ ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠦᠨ᠎ᠡ᠃ ᠪᠢ | ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤ ᠪᠠᠨ ᠮᠠᠰᠢ ᠣᠯᠠᠨ ᠤᠴᠢᠷ ᠶᠠᠪᠤᠳᠠᠯ ᠳᠤ ᠰᠦᠢᠳᠬᠡᠯ ᠬᠤᠷᠢᠶᠠᠬᠤ ᠬᠥᠮᠥᠨ ᠪᠠᠶᠢᠬᠤ ᠦᠭᠡᠢ | ᠪᠦᠭᠡᠳ ᠬᠠᠮᠢᠶᠠᠷᠬᠤ ᠬᠥᠮᠥᠨ ᠴᠦ ᠪᠠᠶᠢᠬᠤ ᠦᠭᠡᠢ ᠪᠠᠶᠢᠳᠠᠯ ᠲᠠᠢ ᠠᠴᠠ ᠪᠣᠯᠵᠤ ᠵᠠᠷᠢᠮ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠪᠠᠲᠤᠯᠠᠬᠤ ᠶᠢᠨ | ᠠᠷᠭ᠎ᠠ ᠦᠭᠡᠢ ᠪᠠᠶᠢᠬᠤ ᠶᠢ ᠣᠯᠵᠤ ᠮᠠᠲᠠᠵᠠᠢ᠃ ᠪᠢᠳᠡ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠤᠨ ᠡᠵᠡᠩᠨᠡᠨ ᠠᠵᠢᠯᠯᠠᠭᠤᠯᠬᠤ ᠬᠡᠪ ᠵᠠᠭᠪᠤᠷ ᠢ | ᠰᠦᠪᠡᠭᠴᠢᠯᠡᠨ ᠲᠡᠭᠦᠯᠳᠡᠷᠵᠢᠭᠦᠯᠵᠦ᠂ ᠣᠯᠠᠨ ᠲᠦᠮᠡᠨ ᠤ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠪᠠᠷ ᠨᠠᠩ | ᠣᠯᠠᠨ ᠡᠵᠡᠩᠨᠡᠯᠲᠡ ᠶᠢᠨ ᠭᠤᠣᠯ ᠴᠣᠭᠴᠠ ᠶᠢ ᠲᠡᠳᠡᠨ ᠠᠪᠴᠢᠷᠠᠵᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ | ᠠᠵᠢᠯ ᠦᠢᠯᠡᠰ ᠲᠤ ᠪᠡᠯᠡ ᠣᠷᠣᠯᠠᠭᠤᠯᠬᠤ ᠪᠠᠷ ᠪᠠᠶᠢᠨ᠎ᠠ᠃ | |