︽ᠳᠠᠭᠠᠷᠢᠬᠤ︾ ᠦᠭᠡᠢ ᠪᠣᠯ ᠪᠣᠭᠤᠮᠲᠠ ᠰᠢᠪᠲᠤᠯᠵᠤ ᠳᠡᠶᠢᠯᠭᠦ ᠦᠭᠡᠢ᠂ ︽ᠠᠵᠢᠯᠯᠠᠬᠤ︾ ᠦᠭᠡᠢ ᠪᠣᠯ ᠶᠠᠪᠤᠳᠠᠯ ᠪᠦᠲᠦᠭᠡᠵᠦ ᠴᠢᠳᠠᠬᠤ ᠦᠭᠡᠢ᠃ | ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠶᠤᠮ ᠦᠦ ᠨᠠᠵᠠᠭᠠᠢ ᠶᠤᠮ ᠦᠦ ᠂ ᠰᠠᠨᠠᠭᠠᠴᠢᠯᠠᠭ᠎ᠠ ᠲᠠᠢᠶᠤᠮ ᠦᠦ ᠰᠠᠨᠠᠭᠠᠴᠢᠯᠭᠠᠳᠤ | ᠪᠤᠰᠤ ᠶᠤᠮ ᠤᠤ ᠂ ᠵᠠᠪᠳᠤᠨ ᠭᠦᠶᠦᠬᠦ ᠶᠤᠮ ᠦᠦ ᠲᠦᠯᠬᠢᠭᠳᠡᠨ ᠶᠠᠪᠤᠬᠤ ᠶᠤᠮ ᠦᠦ ᠭᠡᠳᠡᠭ ᠤᠨ ᠦᠷ᠎ᠡ ᠪᠦᠲᠦᠮᠵᠢ ᠨᠢ ᠶᠡᠭᠡ ᠠᠳᠠᠯᠢ ᠦᠭᠡᠢ ᠪᠠᠶᠢᠳᠠᠭ᠃ | ᠤᠴᠢᠷ ᠪᠣᠯᠭᠠᠨ ᠳᠤ ᠲᠣᠬᠢᠷᠠᠭᠤᠯᠤᠯᠲᠠ ᠶᠢ ᠬᠦᠯᠢᠶᠡᠪᠡᠯ ᠵᠥᠪᠭᠡᠨ ᠪᠤᠰᠤᠳ ᠤᠨ ᠠᠷᠤ ᠠᠴᠠ ᠨᠢ ᠳᠠᠭᠠᠵᠤ ︽ᠲᠣᠭᠤᠰᠣᠨ ᠳᠤᠨᠢ ᠳᠠᠷᠤᠭᠳᠠᠨ᠎ᠠ︾ | ᠤᠬᠠᠮᠰᠠᠷ ᠠᠴᠠ ᠪᠠᠨ ᠤᠷᠤᠭᠰᠢᠯᠠᠪᠠᠯ ᠰᠠᠶ᠋ᠢ ᠰᠢᠨ᠎ᠡ ᠠᠵᠠ ᠲᠣᠭᠢᠶᠠᠯ ᠢ ᠠᠮᠵᠢᠵᠤ᠂ ᠰᠢᠨ᠎ᠡ ᠬᠥᠭᠵᠢᠯᠲᠡ ᠶᠢ ᠠᠬᠢᠭᠤᠯᠵᠤ ᠴᠢᠳᠠᠨ᠎ᠠ᠃ ︽ᠨᠢᠭᠡ ᠭᠤᠣᠯ | ᠰᠢᠵᠢᠮ︾ ᠢ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠦᠷᠨᠢᠭᠦᠯᠬᠦ ᠳᠤ ᠬᠦᠴᠦᠯᠡᠨ ᠴᠢᠷᠮᠠᠶᠢᠪᠠᠯ ᠰᠠᠶ᠋ᠢ ︽ᠲᠤᠭᠤᠷ︾ ᠢ ᠲᠡᠭᠦᠵᠦ ᠴᠢᠳᠠᠨ᠎ᠠ᠃ | ᠡᠷᠬᠡᠪᠰᠢ ᠰᠡᠳᠬᠢᠬᠦᠢ ᠶᠢᠨ ᠬᠡᠪᠰᠢᠮᠡᠯ ᠪᠠᠶᠢᠳᠠᠯ ᠳᠤ ᠰᠢᠪᠲᠤᠯᠤᠯᠲᠠ ᠭᠠᠷᠭᠠᠵᠤ᠂ ᠠᠷᠭ᠎ᠠ ᠭᠡᠯᠪᠡᠷᠢ ᠪᠠᠨ ᠰᠢᠨᠡᠴᠢᠯᠡᠵᠦ᠂ ᠥᠭᠡᠷᠡᠴᠢᠯᠡᠯᠲᠡ ᠶᠢᠨ ᠬᠦᠴᠦᠨ ᠢ ᠭᠦᠢᠴᠡᠳ | ᠬᠡᠷᠡᠭᠯᠡᠵᠦ᠂ ᠬᠢᠬᠦ ᠶᠣᠰᠣᠲᠠᠢ ᠶᠠᠪᠤᠳᠠᠯ ᠢ ᠬᠦᠯᠢᠶᠡᠬᠦ ᠦᠭᠡᠢ᠂ ᠲᠦᠰᠢᠭᠯᠡᠬᠦ ᠦᠭᠡᠢ ᠪᠠᠷ ᠬᠢᠬᠦ ᠬᠡᠷᠡᠭᠲᠡᠢ ᠃ | ᠣᠷᠣᠰᠢᠵᠤ ᠪᠠᠶᠢᠭ᠎ᠠ ᠠᠰᠠᠭᠤᠳᠠᠯ ᠪᠣᠯ ᠳᠠᠷᠤᠢ ᠥᠭᠡᠷᠡᠴᠢᠯᠡᠯᠲᠡ ᠶᠢᠨ ᠴᠢᠭᠯᠡᠬᠦ ᠬᠠᠨᠳᠤᠰᠢ ᠪᠣᠯᠣᠨ᠎ᠠ᠃ ᠠᠯᠢᠪᠠ ᠶᠠᠪᠤᠳᠠᠯ ᠳᠤ ᠴᠥᠮ ᠠᠰᠠᠭᠤᠳᠠᠯ ᠢ | ᠠᠩᠬᠠᠷᠴᠤ ᠡᠷᠲᠡ ᠠᠴᠠ ᠬᠦᠴᠦᠯᠡᠵᠦ᠂ ᠲᠦᠷᠭᠡᠨ ᠬᠦᠴᠦᠯᠡᠬᠦ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ᠂ | ᠲᠥᠯᠥᠪᠵᠢᠭᠦᠯᠬᠦ᠂ ᠨᠥᠭᠡᠴᠡᠯᠡᠬᠦ᠂ ᠮᠡᠳᠡᠭᠦᠯᠦᠨ ᠵᠥᠪᠰᠢᠶᠡᠷᠡᠭᠦᠯᠬᠦ ᠠᠴᠠ ᠡᠯᠧᠮᠧᠨ᠋ᠲ ᠤᠨ ᠪᠠᠲᠤᠯᠠᠭ᠎ᠠ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ | ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠭᠦᠷᠳᠡᠯ᠎ᠡ ᠪᠦᠷ ᠥᠨᠳᠥᠷ ᠪᠦᠲᠦᠮᠵᠢᠲᠡᠢ ᠰᠢᠭᠤᠳ ᠰᠢᠯᠤᠭᠤᠨ ᠠᠵᠢᠯ ᠤᠨ ᠲᠣᠭᠲᠠᠴᠠ ᠶᠢ | ᠪᠦᠷᠢᠯᠳᠦᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ᠂ ᠣᠷᠣᠬᠤ ᠶᠢ ᠵᠥᠪᠰᠢᠶᠡᠷᠡᠬᠦ ᠶᠢ ᠬᠢᠨᠠᠨ ᠵᠥᠪᠰᠢᠶᠡᠷᠡᠬᠦ᠂ | ᠳᠠᠭᠠᠭᠠᠴᠢᠯᠠᠯᠲᠠ ᠵᠠᠷᠯᠠᠬᠤ ᠵᠢᠭᠡᠯᠡᠯᠭᠡ ᠲᠠᠯᠪᠢᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠠᠴᠠ ᠰᠢᠨ᠎ᠡ ᠶᠢ ᠡᠭᠦᠳᠬᠦ ᠡᠬᠢ ᠪᠠᠶᠠᠯᠢᠭ ᠢ ᠲᠣᠬᠢᠷᠠᠭᠤᠯᠬᠤ᠂ | ᠠᠵᠤ ᠠᠬᠤᠶᠢᠯᠠᠯ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠢ ᠰᠢᠢᠳᠪᠦᠷᠢᠯᠡᠬᠦ ᠭᠦᠷᠲᠡᠯ᠎ᠡ ᠠᠯᠢ ᠭᠤᠭᠴᠤᠭ᠎ᠠ ᠳᠤ ᠴᠤ ︽ᠵᠠᠩᠭᠢᠷᠠᠭ᠎ᠠ︾ | ᠪᠠᠶᠢᠯᠭᠠᠵᠤ ᠪᠤᠯᠬᠤ ᠦᠭᠡᠢ᠃ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ᠂ ᠠᠵᠤ ᠠᠬᠤᠶᠢᠯᠠᠯ ᠢ ᠢᠯᠡᠭᠦᠬᠡᠨ ᠡᠷᠭᠢᠯᠡᠭᠦ ᠠᠴᠠ ᠠᠵᠤ ᠠᠬᠤᠶᠢᠯᠠᠯ ᠤᠨ | ᠣᠶᠢᠷ᠎ᠠ ᠬᠠᠪᠢᠡᠴᠡ ᠪᠠᠨ ᠲᠤᠬᠠᠢ ᠶᠢᠨ ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠳᠡᠮᠵᠢᠬᠦ᠂ ᠠᠵᠢᠯᠣᠯᠭᠤᠬᠤ ᠶᠢ ᠵᠣᠬᠢᠶᠠᠨ ᠪᠠᠶᠢᠭᠤᠯᠬᠤ ᠦᠢᠯᠡᠴᠢᠯᠡᠭᠡ ᠶᠢ | ᠰᠠᠶᠢᠲᠤᠷ ᠬᠢᠬᠦ ᠭᠦᠷᠳᠡᠯ᠎ᠡ ᠵᠦᠢᠯ ᠪᠣᠯᠭᠠᠨ ᠳᠤ ᠴᠥᠮ ᠴᠠᠭ ᠪᠠ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠬᠡᠷᠡᠭᠲᠡᠢ᠃ ᠪᠦᠭᠦ | ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ ᠲᠠᠷᠢᠶᠠᠯᠠᠩ ᠤᠨ ᠠᠷᠪᠢᠲᠠᠢ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡᠡᠴᠡ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠭᠦᠷᠲᠡᠯ᠎ᠡ᠂ ᠬᠠᠮᠤᠭ ᠤᠨ ᠲᠤᠰᠠᠲᠠᠢ ᠨᠢ ᠳᠠᠷᠤᠢ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠠᠪᠤᠳᠠᠯ ᠪᠣᠯᠣᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ᠂ ᠣᠷᠣᠰ ᠮᠣᠩᠭᠤᠯ | ᠯᠤᠭ᠎ᠠ ᠶᠢᠨ ᠨᠡᠭᠡᠭᠡᠯᠲᠡ ᠶᠢ ᠥᠷᠭᠡᠳᠬᠡᠬᠦ ᠠᠴᠠ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠵᠡᠭᠦᠨ ᠳᠤᠮᠳᠠ ᠪᠠᠷᠠᠭᠤᠨ | ᠬᠡᠰᠡᠭ ᠤᠨ ᠠᠶᠢᠮᠠᠭ ᠬᠤᠲᠠ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠭᠦᠷᠳᠡᠯ᠎ᠡ ᠦᠵᠡᠯ ᠰᠠᠨᠠᠭ᠎ᠠ ᠣᠶᠢᠯᠠᠭᠠᠭᠳᠠᠬᠤᠨ ᠠᠴᠠ ᠦᠶᠯᠡ | ᠠᠵᠢᠯᠯᠠᠭ᠎ᠠ ᠶᠢᠨ ᠲᠠᠯ᠎ᠠ ᠪᠠᠷ ᠬᠤᠪᠢᠷᠠᠯᠲᠠ ᠶᠢ ᠣᠨᠣᠪᠴᠢᠲᠠᠶ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠨ᠂ ᠬᠤᠪᠢᠷᠠᠯᠳᠠ ᠶᠢ | ᠰᠠᠨᠠᠭᠠᠴᠢᠯᠠᠭ᠎ᠠ ᠠᠴᠠ ᠪᠠᠨ ᠬᠥᠭᠡᠭᠡᠴᠡᠯᠳᠦᠬᠦ ᠶᠢ ᠨᠠᠩ ᠱᠠᠭᠠᠷᠳᠠᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠳᠤ᠂ | ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠨ ᠦᠵᠡᠭᠦᠯᠭᠦ ᠠᠴᠠ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠭᠦᠷᠲᠡᠯ᠎ᠡ᠂ ᠡᠷᠬᠡᠪᠰᠢ ᠪᠠᠶᠢᠭᠤᠯᠤᠯ | ᠲᠣᠭᠲᠠᠴᠠ ᠶᠢ ︽ᠠᠮᠢᠳᠤᠯᠢᠭᠵᠢᠭᠤᠯᠬᠤ︾ ᠪᠠᠷ ᠨᠡᠶᠢᠭᠡᠮ ᠤᠨ ᠦᠷ᠎ᠡ ᠠᠰᠢᠭ ᠠᠵᠤ ᠠᠬᠤᠢ ᠶᠢᠨ ᠦᠷ᠎ᠡ ᠠᠰᠢᠭ ᠤᠨ ︽ᠬᠤᠣᠰ ᠡᠯᠪᠡᠭ ᠬᠤᠷᠢᠶᠠᠯᠲᠠ︾ ᠶᠢ | ᠠᠬᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠦᠭᠵᠢᠷᠡᠯ ᠢ ᠠᠷᠢᠯᠭᠠᠵᠤ᠂ ᠬᠠᠯᠬᠠᠪᠴᠢ ᠶᠢ ᠲᠠᠰᠤᠷᠠᠯᠲᠠ ᠦᠭᠡᠢ ᠰᠢᠪᠲᠤᠯᠪᠠᠯ᠂ ᠤᠷᠤᠭᠰᠢᠯᠠᠬᠤ ᠶᠢ | ᠬᠠᠰᠢᠵᠤ ᠪᠠᠶᠢᠭᠰᠠᠨ ︽ᠬᠡᠷᠡᠰᠬᠡ︾ ᠨᠢ ᠠᠮᠵᠢᠯᠲᠠ ᠲᠡᠶᠢᠰᠢ ᠨᠡᠪᠲᠡᠷᠡᠬᠦ ᠡᠭᠦᠳᠡ ᠪᠣᠯᠵᠤ ᠴᠢᠳᠠᠨ᠎ᠠ᠃ | ︽ᠬᠦᠰᠡᠯ ᠢᠶᠠᠨ ᠪᠡᠶᠡᠯᠡᠭᠦᠯᠬᠦ ᠳᠤ ᠬᠦᠴᠢᠷ ᠠᠪᠠᠴᠤ ᠴᠥᠬᠦᠷᠡᠰᠢ ᠦᠭᠡᠢ ᠪᠠᠷᠢᠮᠲᠠᠯᠠᠪᠠᠰᠤ ᠲᠡᠷᠭᠡᠯᠰᠢᠬᠦ ᠶᠤᠮ︾᠃ ᠬᠦᠨᠳᠦ ᠡᠭᠦᠷᠭᠡ ᠮᠥᠷᠥᠨ ᠳᠤ | ᠲᠠᠯᠪᠢᠭᠳᠠᠵᠤ ᠪᠠᠶᠢᠪᠠᠴᠤ ᠬᠠᠷᠠᠯᠲᠠ ᠵᠣᠷᠢᠯᠲᠠ ᠲᠣᠳᠣᠷᠬᠠᠢ ᠲᠤᠯᠠ ᠪᠢᠳᠡ ᠦᠨᠡᠨ ᠬᠦ ᠥᠭᠡᠷᠡᠴᠢᠯᠡᠯᠲᠡ ᠶᠢᠨ ᠠᠬᠢᠭᠤᠯᠤᠭᠴᠢ ᠪᠠ ᠪᠣᠳᠠᠲᠠᠢ ᠠᠵᠢᠯᠯᠠᠭᠴᠢ ᠪᠤᠯᠬᠤ | ᠬᠡᠷᠡᠭᠲᠡᠢ᠃ | |