ᠱᠠᠭᠵᠠᠮᠤᠨᠢ ᠪᠠᠯᠭᠠᠰᠤᠨ ᠤ ᠬᠤᠵᠢᠷᠯᠢᠭ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠳ᠋ᠠ ᠱᠤ᠋ ᠸᠠᠨ ᠬᠠᠲᠤᠨ ᠭᠤᠤᠯ ᠤᠨ ᠵᠢᠭᠠᠰᠤᠨ ᠤ ᠨᠠᠷᠠᠲᠤ ᠲᠡᠮᠳᠡᠭ ᠢ | ᠤᠬᠠᠭᠤᠯᠬᠤ ᠶᠢᠨ ᠲᠥᠯᠥᠭᠡ᠂ 1 ᠰᠠᠷ᠎ᠠ ᠶᠢᠨ 19 ᠤ ᠡᠳᠦᠷ᠂ ᠱᠠᠭᠵᠠᠮᠤᠨᠢ ᠪᠠᠯᠭᠠᠰᠤᠨ ᠤ ︽ᠬᠤᠵᠢᠷᠯᠢᠭ ᠭᠠᠵᠠᠷ ᠲᠤ ᠵᠢᠭᠠᠰᠤᠨ ᠲᠤᠲᠤᠷᠭ᠎ᠠ ᠤᠷᠭᠤᠵᠤ ᠂ ᠠᠵᠤ | ᠦᠢᠯᠡᠰ ᠲᠠᠷᠢᠶᠠᠴᠢᠳ ᠲᠠᠢ ᠬᠤᠯᠪᠤᠭᠠᠯᠠᠨ ᠠᠴᠢ ᠬᠠᠷᠢᠭᠤᠯᠠᠬᠤ︾ ᠵᠢᠴᠢ ᠳ᠋ᠠ ᠱᠤ᠋ ᠸᠠᠨ ᠬᠠᠲᠤᠨ ᠭᠤᠤᠯ ᠤᠨ ᠵᠢᠭᠠᠰᠤᠨ ᠤ ᠡᠪᠦᠯ ᠤᠨ ᠤᠯᠠᠷᠢᠯ ᠳᠤ ︽ᠮᠥᠷᠭᠦ︾ | ᠶᠢᠨ ᠠᠵᠢᠯᠯᠠᠭ᠎ᠠ ᠳ᠋ᠦᠩ ᠬᠠᠢ ᠰᠢᠨ ᠲᠣᠰᠬᠤᠨ ᠳᠤ ᠦᠪᠡᠳᠡᠭᠰᠢ ᠶᠡᠭᠡ ᠡᠬᠢᠯᠡᠪᠡ᠃ | | | ᠬᠠᠷᠠᠩᠭ᠎ᠠ ᠬᠡᠩᠭᠡᠷᠭᠡ᠂ ᠥᠩᠭᠡᠲᠦ ᠳᠡᠪᠢᠭᠦᠷ ᠨᠢᠵᠢᠭᠢᠨᠡᠵᠦ᠂ ᠬᠥᠷ ᠬᠥᠭᠵᠢᠶᠡᠨ ᠲᠠᠢ ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠠᠩᠭᠢᠨᠠᠮ᠎ᠠ | ᠬᠠᠰᠬᠢᠷᠤᠯᠳᠤᠬᠤ ᠶᠢ ᠳᠠᠭᠠᠯᠳᠤᠨ᠂ ᠡᠪᠦᠯ ᠤᠨ ᠠᠩᠨᠠᠯ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠵᠢᠭᠠᠰᠤᠴᠢᠳ ᠬᠦᠴᠦ ᠪᠠᠨ ᠬᠠᠮᠲᠤᠳᠬᠠᠨ ᠵᠢᠭᠠᠰᠤᠨ ᠤ ᠲᠣᠣᠷ ᠢ | ᠳᠠᠶᠢᠴᠢᠯᠠᠵᠤ᠂ ᠲᠦᠮᠡᠨ ᠰᠡᠭᠦᠯᠲᠦ ᠵᠢᠭᠠᠰᠤ ᠤᠰᠤᠨ ᠤ ᠭᠠᠳᠠᠷᠭᠤ ᠳᠤ ᠴᠠᠯᠭᠢᠯᠠᠵᠤ᠂ ᠵᠢᠭᠠᠰᠤ ᠨᠡᠷᠡᠨ ᠤ ᠭᠡᠷᠡᠯ ᠤᠨ ᠳᠣᠣᠷ᠎ᠠ ᠮᠥᠩᠭᠦᠨ ᠭᠡᠷᠡᠯ ᠭᠢᠯᠠᠯᠵᠠᠵᠤ᠂ | ᠲᠤᠬᠠᠢ ᠶᠢᠨ ᠲᠠᠯᠠᠪᠠᠢ ᠳᠤ ᠪᠠᠶᠠᠷᠯᠠᠨ ᠬᠥᠭᠡᠷᠦᠯᠳᠦᠵᠦ᠂ ᠵᠤᠭᠠᠴᠠᠭᠰᠠᠳ ᠴᠤ ᠳᠠᠭᠠᠯᠳᠤᠨ ᠪᠠᠶᠠᠷᠯᠠᠪᠠ᠃ | ᠡᠪᠦᠯ ᠵᠢᠭᠠᠰᠤ ᠠᠩᠨᠠᠬᠤ ᠶᠠᠪᠤᠴᠠ ᠳᠤ ᠵᠢᠭᠠᠰᠤᠨ ᠤ ᠸᠠᠩ ᠭᠡᠳᠡᠭ ᠨᠢ ᠡᠯᠪᠡᠭ ᠬᠤᠷᠢᠶᠠᠯᠲᠠ ᠪᠣᠯᠤᠨ ᠦᠯᠵᠡᠢ ᠪᠡᠯᠭᠡᠳᠡᠯ ᠤᠨ ᠪᠡᠯᠭᠡ ᠲᠡᠮᠳᠡᠭ ᠶᠤᠮ᠃ | ᠵᠢᠭᠠᠰᠤᠨ ᠸᠠᠩ ᠤᠨ ᠦᠨ᠎ᠡ ᠬᠠᠶᠠᠵᠤ ᠬᠤᠳᠠᠯᠳᠤᠬᠤ ᠶᠠᠪᠤᠴᠠ ᠳᠤ᠂ ᠮᠠᠰᠢ ᠣᠯᠠᠨ ᠵᠤᠭᠠᠴᠠᠭᠰᠠᠳ ᠪᠣᠯᠤᠨ ᠬᠤᠳᠠᠯᠳᠤᠭᠠᠴᠢᠨ ᠢᠳᠡᠪᠬᠢᠲᠡᠢ ᠣᠷᠣᠯᠴᠠᠵᠤ᠂ ᠦᠨ᠎ᠡ | ᠬᠠᠶᠠᠯᠴᠠᠨ ᠬᠠᠰᠭᠢᠷᠴᠤ᠂ ᠨᠢᠭᠡ ᠰᠠᠶᠢᠨ ᠱᠠᠩᠨᠠᠯᠲᠤ ᠰᠤᠭᠤᠯᠤᠭ᠎ᠠ ᠪᠣᠯᠭᠠᠵᠤ᠂ ᠬᠠᠮᠤᠭ ᠡᠴᠦᠰ ᠲᠤ 12.8 ᠵᠢᠩ ᠵᠢᠭᠠᠰᠤᠨ ᠸᠠᠩ 31888 ᠲᠥᠭᠦᠷᠢᠭ ᠤᠨ | ᠦᠨ᠎ᠡ ᠪᠠᠷ ᠠᠷᠠᠯᠵᠢᠶ᠎ᠠ ᠬᠢᠵᠡᠢ᠃ | ᠲᠣᠰ ᠤᠳᠠᠭᠠᠨ ᠤ ᠡᠪᠦᠯ ᠤᠨ ᠠᠩᠨᠠᠯ ᠤᠨ ᠪᠠᠶᠠᠷ ᠨᠢ ᠪᠠᠰᠠ ᠵᠢᠭᠤᠯᠴᠢᠯᠠᠭᠴᠢᠳ ᠲᠤ ᠰᠠᠶᠢᠨ ᠰᠠᠶᠢᠬᠠᠨ ᠲᠡᠮᠦᠷ ᠲᠣᠭᠤᠭ᠎ᠠ ᠳᠤ ᠴᠢᠨᠠᠭᠰᠠᠨ ᠵᠢᠭᠠᠰᠤ ᠬᠠᠩᠭᠠᠵᠤ᠂ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ᠂ ᠣᠯᠠᠨ ᠳᠤ ᠡᠪᠦᠯ ᠤᠨ ᠠᠩᠨᠠᠯ ᠢ ᠰᠣᠨᠢᠷᠬᠠᠬᠤ ᠶᠢᠨ ᠬᠠᠮᠲᠤ ᠬᠥᠳᠡᠭᠡ | ᠲᠣᠰᠬᠤᠨ ᠤ ᠠᠮᠲᠠᠲᠤ ᠢᠳᠡᠭᠡᠨ ᠢ ᠠᠮᠲᠠᠯᠠᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠪᠡ᠃ | |