ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/23
  ︵2025 ᠣᠨ ᠤ 1 ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ 2025 ᠣᠨ ᠤ 1 ᠰᠠᠷ᠎ᠠ ᠶᠢᠨ 20 ᠠᠴᠠ 21 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠪᠠ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 40 ᠬᠥᠮᠥᠨ ᠣᠷᠣᠯᠴᠠᠵᠤ᠂ 141 ᠬᠥᠮᠥᠨ ᠰᠤᠯᠠ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠪᠦᠭᠦᠳᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃      ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠡᠷᠭᠢᠯᠡᠪᠡ᠃ ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2025 ᠣᠨ ᠤ ᠡᠭᠦᠷᠭᠡ ᠶᠢ ᠪᠠᠶᠢᠷᠢᠯᠠᠭᠤᠯᠵᠤ᠂ ᠯᠢᠦ ᠱᠤᠸᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠪᠦᠭᠦ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠵᠦ ᠪᠠᠲᠤᠯᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠂ ᠰᠡᠷᠡᠮᠵᠢᠯᠡᠭᠦᠯᠦᠯ ᠬᠥᠮᠦᠵᠢᠯ ᠤᠨ ᠹᠢᠯᠢᠮ ᠢ ᠬᠠᠮᠲᠤ ᠪᠠᠷ ᠦᠵᠡᠪᠡ᠃      ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠯᠢ ᠰᠢ ᠨᠥᠬᠦᠷ ᠤᠨ ᠠᠵᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠦᠵᠡᠯ ᠰᠠᠨᠠᠭ᠎ᠠ ᠭᠦᠨ ᠭᠦᠨᠵᠡᠭᠡᠢ᠂ ᠠᠰᠠᠭᠤᠳᠠᠯ ᠳᠤ ᠰᠢᠭᠤᠳ ᠬᠠᠨᠳᠤᠵᠤ᠂  ᠬᠥᠮᠥᠰ ᠢ ᠰᠡᠩᠬᠡᠷᠡᠭᠦᠯᠵᠦ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠲᠤᠭ ᠲᠡᠮᠳᠡᠭ ᠲᠣᠳᠣᠷᠬᠠᠢ ᠪᠤᠷᠤᠭᠤ ᠲᠠᠨᠢᠯᠲᠠ ᠶᠢ ᠲᠣᠳᠣᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠪᠠ᠃ ᠯᠢ ᠰᠢ ᠨᠥᠬᠦᠷ ᠤᠨ ᠠᠵᠢᠯ ᠤᠨ ᠮᠡᠳᠡᠭᠦᠯᠦᠯᠲᠡ ᠳᠤ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠪᠦᠭᠦ ᠲᠠᠯ᠎ᠠ ᠪᠠᠷ ᠳ᠋ᠦᠩᠨᠡᠵᠦ᠂ 2025 ᠣᠨ ᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠶᠢ ᠪᠣᠳᠣᠯᠬᠢᠯᠠᠵᠤ᠂ ᠭᠤᠣᠯ ᠰᠡᠳᠦᠪ ᠢᠯᠡ ᠲᠣᠳᠣ᠂ ᠡᠭᠦᠷᠭᠡ ᠲᠣᠳᠣᠷᠬᠠᠢ ᠪᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ︽ᠪᠠᠷᠢᠯᠭ᠎ᠠ ᠶᠢᠨ ᠵᠢᠷᠤᠭ︾ ᠵᠢᠷᠤᠵᠤ᠂ ᠠᠵᠢᠯ ᠤᠨ ᠵᠢᠯᠣᠭᠤᠳᠤᠮᠵᠢ ᠬᠠᠩᠭᠠᠵᠠᠢ᠃ ᠰᠦᠨ ᠱᠤᠤ ᠴᠧᠩ ᠨᠥᠬᠦᠷ ᠤᠨ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠣᠷᠣᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃      ᠪᠦᠭᠦᠳᠡ ᠬᠤᠷᠠᠯ ᠠᠴᠠ᠂ 2024 ᠣᠨ ᠳᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠪᠦᠭᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠨᠤᠯ ᠤᠨ ᠵᠡᠪᠰᠡᠭᠯᠡᠯ ᠢᠶᠠᠨ ᠲᠠᠰᠤᠷᠠᠯᠳᠠ ᠦᠭᠡᠢ ᠴᠢᠩᠭᠠᠳᠬᠠᠪᠠ᠃ ᠤᠯᠤᠰ ᠲᠥᠷᠥ ᠶᠢᠨ ᠴᠢᠬᠤᠯᠠ ᠨᠥᠬᠦᠴᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠮᠥᠷᠳᠡᠨ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠪᠠ ᠴᠡᠭᠴᠡᠯᠡᠨ ᠰᠠᠶᠢᠵᠢᠷᠠᠭᠤᠯᠬᠤ ︽ᠨᠢᠭᠡ ᠵᠤᠷᠪᠤᠰ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠭᠦᠨᠵᠡᠭᠡᠶᠢᠷᠡᠭᠦᠯᠦᠨ ᠬᠡᠷᠡᠭᠯᠡᠵᠦ᠂ ᠤᠯᠤᠰ ᠲᠥᠷᠥ ᠶᠢᠨ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠦᠷᠭᠦᠯᠵᠢᠯᠡᠨ ᠪᠠᠲᠤ ᠴᠣᠭᠴᠠᠯᠠᠵᠤ᠂ ᠢᠯᠵᠢᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ᠃ ︽ᠪᠠᠭ᠎ᠠ ᠱᠠᠮᠰᠢᠯ ᠪᠢᠴᠢᠯ ᠢᠯᠵᠢᠷᠡᠯ︾ ᠢ ᠡᠷᠡᠰ ᠵᠠᠯᠬᠠᠭᠠᠨ ᠰᠢᠢᠳᠬᠡᠵᠦ᠂ ᠲᠣᠪᠣᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠺᠠᠳ᠋ᠷ ᠢ ᠰᠣᠩᠭᠤᠨ ᠪᠣᠶᠢᠵᠢᠭᠤᠯᠬᠤ ᠪᠠ ᠬᠠᠮᠢᠶᠠᠷᠴᠤ ᠬᠡᠷᠡᠭᠯᠡᠬᠦ ᠶᠢ ᠰᠢᠯᠢᠳᠡᠭᠵᠢᠭᠦᠯᠦᠨ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠬᠤ ᠶᠢ ᠡᠷᠡᠰ ᠰᠡᠷᠭᠡᠶᠢᠯᠡᠨ ᠵᠠᠰᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠠᠢ ᠭᠡᠵᠦ ᠵᠢᠭᠠᠵᠤ ᠭᠠᠷᠭᠠᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠦᠭᠦ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠢ ᠰᠢᠢᠳᠪᠦᠷᠢᠯᠡᠬᠦ ᠶᠢ ᠱᠠᠭᠠᠷᠳᠠᠪᠠ᠃      ᠪᠦᠭᠦᠳᠡ ᠬᠤᠷᠠᠯ ᠠᠴᠠ᠂ 2025 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠪᠦᠭᠦ ᠣᠷᠣᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠳᠤ ᠬᠦᠴᠦᠲᠡᠢ ᠪᠦᠲᠦᠮᠵᠢᠲᠡᠶ ᠪᠠᠷ ᠦᠢᠯᠡᠴᠢᠯᠡᠵᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠭᠦᠳᠡ ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠦᠨᠵᠡᠭᠡᠢ ᠰᠤᠷᠤᠯᠴᠠᠬᠤ᠂ ᠪᠣᠳᠠᠲᠠᠢ ᠪᠠᠶᠢᠴᠠᠭᠠᠨ ᠰᠤᠳᠤᠯᠬᠤ᠂ ᠨᠠᠶᠢᠳᠠᠪᠤᠷᠢᠵᠢᠭᠤᠯᠬᠤ ᠶᠢ ᠠᠳᠬᠤᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠪᠠᠯ ᠢᠯᠠᠬᠤ ᠢᠲᠡᠭᠡᠯ ᠵᠣᠷᠢᠭ᠂ ᠬᠠᠳᠠ ᠮᠡᠲᠦ ᠰᠢᠯᠵᠢᠰᠢ ᠦᠭᠡᠢ ᠵᠣᠷᠢᠭ᠂ ᠬᠠᠲᠠᠭᠤ ᠪᠠᠲᠤ ᠡᠷᠡᠰ ᠵᠣᠷᠢᠭ ᠢᠶᠠᠨ ᠪᠠᠲᠤᠳᠬᠠᠬᠤ ᠬᠡᠷᠡᠭᠲᠡᠢ᠃ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ᠂ ᠲᠡᠷᠡ ᠬᠡᠪ ᠢᠶᠠᠷ ᠨᠢ ᠰᠤᠷᠤᠯᠴᠠᠬᠤ᠂ ᠦᠰᠦᠭ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠤᠬᠠᠮᠰᠠᠷ ᠢᠶᠠᠨ ᠪᠠᠲᠤᠳᠬᠠᠬᠤ ᠬᠡᠷᠡᠭᠲᠡᠢ᠃ ᠰᠡᠳᠬᠢᠴᠡ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠡᠷᠡᠭᠵᠢᠭᠦᠯᠬᠦ ᠲᠥᠰᠥᠯ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠤᠶᠠᠯᠳᠤᠯ ᠠᠭᠤᠰᠤᠯᠴᠠᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠭᠦᠨᠵᠡᠭᠡᠢ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠡᠭᠦᠷᠭᠡ ᠶᠢ ᠪᠦᠭᠦ ᠲᠠᠯ᠎ᠠ ᠪᠠᠷ᠂ ᠣᠨᠣᠴᠠᠲᠠᠢ᠂ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃      ᠨᠢᠭᠡᠳᠦᠭᠡᠷ ᠲᠤ᠂ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠮᠦᠷᠳᠡᠨ ᠬᠢᠨᠠᠯᠲᠠ ᠲᠠᠯᠪᠢᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠡᠩ ᠤᠨ ᠲᠣᠭᠤᠷᠢᠨ ᠪᠠᠶᠢᠴᠠᠭᠠᠯᠲᠠ᠂ ᠲᠤᠰᠬᠠᠢ ᠲᠣᠭᠤᠷᠢᠨ ᠪᠠᠶᠢᠴᠠᠭᠠᠯᠲᠠ᠂ ᠬᠥᠳᠡᠯᠦᠩᠭᠦᠢ ᠲᠣᠭᠤᠷᠢᠨ ᠪᠠᠶᠢᠴᠠᠭᠠᠯᠲᠠ ᠪᠣᠯᠣᠨ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠲᠣᠰᠬᠤᠨ ᠤ ᠴᠠᠭᠳᠠᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠪᠠ ︽ᠨᠢᠭᠡ ᠵᠤᠷᠪᠤᠰ ᠱᠤᠭᠤᠮ︾ ᠢᠶᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠭᠦᠢᠴᠡᠳ ᠬᠡᠷᠡᠭᠯᠡᠵᠦ᠂ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠴᠢᠩᠭ᠎ᠠ ᠬᠢᠨᠠᠯᠲᠠ ᠲᠠᠯᠪᠢᠭᠰᠠᠨ ᠦᠭᠡᠢ᠂ ᠨᠢᠭᠤᠵᠤ ᠳᠠᠯᠳᠠᠯᠠᠭᠠᠳ ᠮᠡᠳᠡᠭᠦᠯᠬᠦ ᠦᠭᠡᠢ ᠪᠠ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ᠂ ᠬᠠᠰᠢ ᠶᠠᠰᠢ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠴᠢᠨᠠᠭᠰᠢᠯᠠᠪᠠᠯ ᠴᠡᠭᠴᠡᠯᠡᠨ ᠰᠠᠶᠢᠵᠢᠷᠠᠭᠤᠯᠤᠭᠰᠠᠨ ᠴᠤ ᠪᠠᠶᠢᠨ ᠲᠠᠭᠢᠨ ᠵᠥᠷᠢᠴᠡᠬᠦ ᠪᠠᠶᠢᠳᠠᠯ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠬᠤᠶᠠᠳᠤᠭᠠᠷ ᠲᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠤᠨ ᠪᠦᠷᠢᠯᠳᠦᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠬᠤ ᠳᠡᠭᠡᠷ᠎ᠡ ᠬᠦᠴᠦ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠳᠡᠭᠡᠷ᠎ᠡ ᠬᠦᠴᠦ ᠣᠷᠣᠭᠤᠯᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ︿ᠲᠦᠷᠪᠡᠨ ᠵᠦᠢᠯ ᠤᠨ ᠭᠡᠯᠪᠡᠷᠢ ᠪᠠᠶᠢᠳᠠᠯ﹀ ᠢ ᠣᠨᠣᠪᠴᠢᠲᠠᠢ ᠬᠡᠷᠡᠭᠯᠡᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠦᠭᠦᠯᠬᠦ ᠬᠡᠷᠡᠭᠲᠡᠢ᠃      ᠭᠤᠷᠪᠠᠳᠤᠭᠠᠷ ᠲᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠬᠡᠷᠡᠭᠲᠡᠢ᠃ ᠭᠠᠷ ᠢᠶᠠᠨ ᠲᠠᠲᠠᠬᠤ ᠦᠭᠡᠢ ᠰᠠᠨᠠᠭ᠎ᠠ  ᠪᠠᠨ ᠬᠤᠷᠢᠶᠠᠬᠤ ᠦᠭᠡᠢ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠡᠴᠦᠰ ᠲᠤᠨᠢ ᠲᠤᠯᠲᠠᠯ᠎ᠠ ᠴᠢᠩᠭ᠎ᠠ ᠴᠡᠭᠴᠡᠯᠡᠨ ᠵᠠᠰᠠᠵᠤ᠂ ᠪᠠᠶᠢᠳᠠᠯ ᠢ ᠰᠥᠷᠦᠨ ᠰᠠᠬᠢᠯᠭ᠎ᠠ ᠪᠠᠲᠤ ᠶᠢ ᠵᠥᠷᠢᠴᠡᠬᠦ᠂ ᠳᠠᠯᠳᠠ ᠪᠠᠷ ᠣᠨᠳᠣᠣᠰᠢᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠨᠳᠦ ᠨᠣᠴᠢᠲᠠᠢ ᠨᠥᠯᠥᠭᠡᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠰᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠢᠯᠵᠢᠷᠡᠯ ᠢ ᠨᠢᠭᠡ ᠮᠥᠴᠡ ᠴᠦ ᠵᠣᠭᠰᠣᠯ ᠦᠭᠡᠢ ᠵᠠᠯᠬᠠᠭᠠᠨ ᠰᠢᠢᠳᠬᠡᠵᠦ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠤᠨ ᠪᠦᠷᠢᠯᠳᠦᠭᠦᠨ ᠵᠡᠷᠭᠡ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ᠂ ᠲᠠᠮᠠᠬᠢ᠂ ᠡᠮ ᠡᠮᠨᠡᠯᠭᠡ᠂ ᠶᠡᠭᠡ ᠳᠡᠭᠡᠳᠦ ᠰᠤᠷᠭᠠᠭᠤᠯᠢ᠂ ᠪᠡᠶ᠎ᠡ ᠶᠢᠨ ᠲᠠᠮᠢᠷ᠂ ᠨᠡᠭᠡᠭᠡᠨ ᠬᠥᠭᠵᠢᠭᠦᠯᠬᠦ ᠣᠷᠣᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ ᠴᠢᠩᠭ᠎ᠠ ᠠᠩᠬᠠᠷᠴᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠬᠤ᠂ ᠲᠣᠭᠲᠠᠭᠠᠯ ᠢ ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠭᠠᠳ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠬᠦᠴᠦᠯᠡᠨ ᠠᠳᠬᠤᠵᠤ᠂ ᠭᠦᠨᠵᠡᠭᠡᠢ ᠪᠠᠶᠢᠴᠠᠭᠠᠬᠤ ᠬᠡᠷᠡᠭᠲᠡᠢ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠢ᠃ ᠰᠤᠷᠲᠠᠯ ᠢᠯᠵᠢᠷᠡᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠱᠠᠭᠠᠷᠳᠠᠯᠭ᠎ᠠ ᠶᠢ ᠬᠡᠷᠡᠭ ᠪᠦᠭᠦᠨ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠨᠠᠶᠢᠳᠠᠪᠤᠷᠢᠵᠢᠭᠤᠯᠵᠤ᠂ ︽ᠰᠤᠷᠲᠠᠯ ᠢᠶᠠᠷ ᠢᠯᠵᠢᠷᠡᠯ ᠢ ᠪᠠᠶᠢᠴᠠᠭᠠᠬᠤ︾ ᠮᠥᠷᠲᠡᠭᠡᠨ ᠪᠠᠰᠠ ︽ᠢᠯᠵᠢᠷᠡᠯ ᠢᠶᠠᠷ ᠰᠤᠷᠲᠠᠯ ᠢ ᠵᠠᠯᠠᠷᠠᠭᠤᠯᠬᠤ︾᠂ ︽ᠬᠠᠮᠲᠤ ᠪᠠᠷ ᠪᠠᠶᠢᠴᠠᠭᠠᠬᠤ︾  ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠬᠠᠮᠲᠤ ᠪᠠᠷ ᠵᠠᠰᠠᠬᠤ︾  ᠪᠠᠷ ᠳᠠᠮᠵᠢᠨ ᠰᠤᠷᠲᠠᠯ ᠢᠯᠵᠢᠷᠡᠯ ᠤᠨ ᠨᠡᠶᠢᠲᠡᠯᠢᠭ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠵᠤ᠂ ︽ᠪᠠᠶᠢᠴᠠᠭᠠᠬᠤ︾᠂ ︽ᠵᠠᠰᠠᠬᠤ︾  ᠪᠠᠷ ᠳᠠᠮᠵᠢᠨ ᠰᠤᠷᠲᠠᠯ ᠢᠯᠵᠢᠷᠡᠯ ᠤᠨ ᠬᠤᠪᠢᠰᠤᠯᠲᠠ ᠶᠢ ᠬᠤᠷᠢᠭᠯᠠᠨ ᠵᠣᠭᠰᠤᠭᠠᠬᠤ ᠬᠡᠷᠡᠭᠲᠡᠢ᠃ ᠲᠣᠮᠣ ᠳ᠋ᠠᠶᠢᠲ᠋ᠠ ᠶᠢᠨ ᠮᠡᠳᠡᠭᠡ ᠵᠠᠩᠭᠢᠵᠢᠯᠲᠠ ᠪᠠᠷ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠳᠤ ᠡᠨᠧᠷᠭᠢ ᠣᠯᠭᠤᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃      ᠳᠥᠷᠪᠡᠳᠦᠭᠡᠷ ᠲᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠭᠦᠨᠵᠡᠭᠡᠶᠢᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠬᠡᠷᠡᠭ ᠰᠢᠢᠳᠪᠦᠷᠢᠯᠡᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ᠂ ︽ᠪᠠᠭ᠎ᠠ ᠱᠠᠮᠰᠢᠯ ᠪᠢᠴᠢᠯ ᠢᠯᠵᠢᠷᠡᠯ︾ ᠢ ᠦᠷᠭᠦᠯᠵᠢᠯᠡᠨ ᠵᠠᠯᠬᠠᠭᠠᠨ ᠰᠢᠢᠳᠬᠡᠵᠦ᠂ ᠤᠯᠠᠨ ᠲᠦᠮᠡᠨ ᠤ ᠠᠰᠢᠭ ᠲᠤᠰᠠ ᠳᠤ ᠰᠤᠩᠭᠠᠭᠰᠠᠨ ︽ᠬᠠᠷ᠎ᠠ ᠰᠠᠪᠠᠷ︾ ᠢ ᠡᠷᠡᠰ ᠴᠠᠪᠴᠢᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠤᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠢᠷᠡᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠬᠠᠮᠠᠭᠠᠯᠠᠬᠤ ᠰᠢᠬᠦᠷ ᠢ ᠴᠣᠬᠢᠵᠤ ᠬᠠᠷᠢᠴᠠᠭᠠᠨ ᠤ ᠲᠣᠣᠷ ᠢ ᠡᠪᠳᠡᠬᠦ︾ ᠶᠢ ᠪᠠᠶᠢᠩᠭᠤᠵᠢᠭᠤᠯᠤᠨ ᠲᠣᠬᠲᠡᠴᠡᠵᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠦᠴᠢᠷ ᠲᠦᠪᠡᠭ ᠢ ᠰᠣᠩᠭᠤᠵᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃      ᠲᠠᠪᠤᠳᠤᠭᠠᠷ ᠲᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ᠂ ︽ᠨᠢᠭᠡᠳᠦᠭᠡᠷ ᠭᠠᠷ︾ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠦᠷᠢᠯᠳᠦᠭᠦᠨ ᠤ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠬᠤ ᠬᠡᠷᠡᠭᠲᠡᠢ᠃ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ᠂ ᠬᠢᠨᠠᠯᠲᠠ ᠬᠠᠮᠢᠶᠠᠷᠤᠯᠲᠠ ᠲᠤᠲᠠᠭᠳᠠᠵᠤ ᠪᠠᠶᠢᠭ᠎ᠠ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠦᠴᠦᠨ ᠮᠡᠬᠦᠰᠳᠡᠵᠦ ᠪᠠᠶᠢᠭ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ︶ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠲᠤᠰᠬᠠᠢ ᠬᠠᠷᠢᠭᠤᠴᠠᠯᠭ᠎ᠠ ᠪᠠᠷ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠭᠦᠢᠴᠡᠳᠬᠡᠭᠰᠡᠨ ᠦᠭᠡᠢ ᠪᠣᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠵᠢᠷᠭᠤᠳᠤᠭᠠᠷ ᠲᠤ᠂ ᠲᠡᠮᠦᠷ ᠴᠡᠷᠢᠭ ᠢ ᠴᠢᠩᠭ᠎ᠠ ᠪᠥᠭᠡᠳ ᠪᠣᠳᠠᠲᠠᠢ ᠪᠠᠷ ᠪᠠᠶᠢᠭᠤᠯᠬᠤ ᠬᠡᠷᠡᠭᠲᠡᠢ᠃ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠦᠮᠵᠢᠭᠦᠯᠬᠦ ᠬᠠᠤᠯᠢ ᠪᠠᠷ ᠵᠠᠰᠠᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠠᠰᠠᠭᠤᠳᠠᠯ ᠢ ᠡᠷᠡᠰ ᠰᠡᠷᠭᠡᠶᠢᠯᠡᠨ ᠵᠠᠰᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ᠂ ᠬᠠᠤᠯᠢᠵᠢᠯᠲᠠ᠂ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ᠂ ᠵᠣᠷᠢᠭᠲᠠᠢ ᠴᠢᠳᠠᠮᠠᠭᠠᠢ ᠪᠠᠷ ᠲᠡᠮᠡᠴᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃      ᠪᠦᠭᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠯᠬᠡᠭᠯᠡᠨ ᠤᠷᠤᠭᠰᠢᠯᠠᠵᠤ᠂ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠭᠦᠰᠦᠭᠡᠢ︕ ᠭᠡᠵᠦ ᠤᠷᠢᠶᠠᠯᠠᠪᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ