1 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ᠂ ᠡᠩᠬᠡᠪᠡᠢ | ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠸᠧᠶ ᠰᠢᠶᠦ᠋ᠩ | ᠡᠩᠭᠡᠪᠡᠢ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ | | | ᠡᠩᠭᠡᠪᠡᠢ ᠡᠯᠡᠰᠦᠨ ᠴᠥᠯ ᠤᠨ ᠰᠢᠨᠵᠢᠯᠡᠬᠦ ᠤᠬᠠᠭᠠᠨ ᠤ ᠣᠷᠳᠣᠨ᠂ ᠡᠯᠡᠰᠦᠨ ᠴᠥᠯ ᠤᠨ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠦᠵᠡᠭᠦᠯᠦᠭᠡ ᠶᠢᠨ ᠲᠥᠪ᠂ ᠰᠢᠨ᠎ᠡ ᠡᠨᠧᠷᠭᠢ ᠶᠢᠨ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠤᠨ ᠮᠡᠷᠭᠡᠵᠢᠯ ᠤᠨ ᠲᠥᠪ᠂ ᠡᠩᠭᠡᠪᠡᠢ ᠵᠣᠴᠢᠳ ᠤᠨ ᠪᠠᠭᠤᠳᠠᠯ᠂ | ᠡᠯᠡᠰᠦᠨ ᠴᠦᠯ ᠤᠨ ᠭᠦᠵᠡᠯᠵᠡᠭᠡᠨ᠎ᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠷᠢᠮᠠᠯ᠂ ᠲᠠᠴᠢᠷᠳᠠᠭᠰᠠᠨ ᠣᠶ ᠶᠢ ᠰᠡᠷᠭᠦᠭᠡᠬᠦ ᠲᠤᠷᠰᠢᠯᠲᠠ ᠶᠢᠨ ᠵᠢᠱᠢᠶ᠎ᠡ | ᠦᠵᠡᠭᠦᠯᠬᠦ᠂ ᠡᠯᠡᠰᠦᠨ ᠴᠥᠯ ᠤᠨ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠵᠠᠩ ᠸᠧᠶ ᠰᠢᠶᠦ᠋ᠩ | ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠵᠢᠴᠢ ᠬᠦᠷᠢᠶᠡᠯᠡᠩ ᠲᠣᠭᠤᠷᠢᠭ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ᠂ ᠠᠵᠤ ᠣᠶᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ | ᠪᠥᠭᠡᠳ ᠲᠤᠬᠠᠶ ᠶᠢᠨ ᠲᠠᠯᠠᠪᠠᠶ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠪᠠ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠠᠩ ᠸᠧᠶ ᠰᠢᠶᠦ᠋ᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠩᠭᠡᠪᠡᠢ ᠠᠮᠢ | ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠣᠳᠣᠬᠠᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ 2025 ᠣᠨ ᠤ ᠠᠵᠢᠯ ᠤᠨ ᠲᠥᠯᠥᠪᠯᠡᠭᠡ ᠶᠢ ᠰᠣᠨᠣᠰᠪᠠ᠃ | ᠵᠠᠩ ᠸᠧᠢ ᠰᠢᠶᠦ᠋ᠩ᠂ ᠡᠩᠭᠡᠪᠡᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ ᠣᠶᠠᠯᠳᠤᠭᠤᠯᠵᠦ᠂ ᠠᠮᠢ ᠠᠬᠤᠢ ᠶᠢ ᠰᠡᠷᠭᠦᠭᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠮᠢ ᠠᠬᠤᠢ ᠶᠢᠨ | ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠠᠭ ᠤᠨ ᠬᠦᠰᠦᠨᠦᠭᠲᠦ ᠶᠢ ᠲᠣᠩᠭᠤᠷᠠᠭᠤᠯᠤᠨ ᠪᠠᠶᠢᠷᠢᠯᠠᠭᠤᠯᠵᠤ᠂ | ᠠᠬᠢᠴᠠ ᠶᠢᠨ ᠵᠢᠷᠤᠭ ᠢ ᠨᠠᠷᠢᠯᠢᠬᠵᠢᠭᠤᠯᠵᠤ᠂ ᠠᠰᠠᠭᠤᠳᠠᠯ ᠢ ᠰᠢᠢᠳᠪᠦᠷᠢᠯᠡᠬᠦ ᠪᠠ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ | ᠡᠯ᠎ᠡ ᠲᠦᠷᠦᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠳᠠᠭᠤᠰᠬᠠᠵᠤ᠂ ᠡᠷᠲᠡ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠲᠥᠷᠥᠯ ᠤᠨ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ ᠰᠤᠯᠠ ᠪᠠᠶᠢᠭ᠎ᠠ ᠡᠳ᠋ ᠬᠥᠷᠥᠩᠭᠡ ᠶᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ ᠠᠮᠢᠳᠤᠯᠢᠭ ᠪᠣᠯᠭᠠᠨ᠂ ᠣᠯᠠᠨ ᠨᠡᠶᠢᠲᠡ ᠶᠢᠨ ᠰᠠᠭᠤᠷᠢ ᠶᠢ ᠢᠵᠢ ᠪᠦᠷᠢᠳᠦᠭᠦᠯᠬᠦ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠡᠯᠡᠰᠦᠨ ᠴᠦᠯ ᠤᠨ ᠠᠮᠢ ᠠᠬᠤᠶ ᠶᠢᠨ ᠵᠠᠰᠠᠯᠲᠠ ᠶᠢᠨ ᠥᠪᠡᠷᠮᠢᠴᠡ ᠵᠠᠭᠪᠤᠷ ᠢ ᠪᠣᠶ ᠪᠣᠯᠭᠠᠬᠤ ᠬᠡᠷᠡᠭᠲᠡᠶ᠃ ᠺᠠᠳ᠋ᠷ ᠤᠨ ᠡᠩᠨᠡᠭᠡ ᠶᠢ | ᠪᠠᠶᠢᠭᠤᠯᠤᠨ ᠬᠦᠴᠦᠷᠬᠡᠭᠵᠢᠭᠦᠯᠵᠦ᠂ ᠵᠢᠱᠢᠶ᠎ᠡ ᠦᠵᠡᠭᠦᠯᠬᠦ ᠣᠷᠣᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠥᠭᠵᠢᠯᠲᠡ ᠶᠢᠨ | ᠰᠢᠨ᠎ᠡ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠺᠠᠳ᠋ᠷ ᠤᠨ ᠴᠢᠳᠠᠪᠤᠷᠢ ᠰᠤᠷᠲᠠᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠺᠠᠩ ᠫᠢᠩ᠂ ᠵᠠᠩ | ᠳ᠋ᠦᠩ ᠯᠢᠶᠠᠩ᠂ ᠳ᠋ᠦ᠋ ᠯᠢᠶᠠᠩ᠂ ᠯᠢ ᠮᠤᠤ ᠵᠢᠴᠢ ᠡᠩᠭᠡᠪᠡᠢ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | |