1 ᠰᠠᠷ᠎ᠠ ᠶᠢᠨ 5 ᠤ ᠡᠳᠦᠷ᠂ ᠪᠥᠬᠦ ᠬᠤᠰᠢᠭᠤᠨ ᠤ ᠠᠬᠠᠮᠠᠳ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠠᠩ ᠰᠢᠶᠤᠤ ᠫᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠵᠠᠩ ᠸᠧᠶ | ᠰᠢᠶᠦ᠋ᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠶᠦᠩ ᠹᠦ᠋᠂ ᠳᠠᠯᠠᠳ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠦᠨ ᠰᠢᠶᠤᠤ ᠫᠢᠩ᠂ | ᠡᠩᠭᠡᠪᠡᠢ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ | ᠡᠷᠬᠢᠯᠡᠭᠴᠢ ᠺᠠᠩ ᠫᠢᠩ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠡᠰᠡᠭ ᠰᠢᠶᠠᠨ ᠤ ᠱᠠᠲᠤᠨ ᠤ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠲᠠᠢ ᠨᠢᠭᠡ ᠲᠠᠩᠬᠢᠮ ᠳᠤ ᠴᠤᠭᠯᠠᠷᠠᠵᠤ᠂ ᠬᠥᠭᠵᠢᠯᠲᠡ ᠶᠢᠨ ᠪᠣᠳᠣᠯᠭ᠎ᠠ ᠶᠢ ᠬᠠᠮᠲᠤ ᠪᠠᠷ ᠵᠥᠪᠯᠡᠵᠦ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ | ᠶᠠᠷᠢᠯᠴᠠᠪᠠ᠃ | ᠵᠠᠩ ᠭᠦᠸᠧ ᠬᠤᠸᠠ᠂ ᠱᠢ ᠶᠦᠩ ᠵᠢᠶᠧ᠂ ᠵᠣᠣ ᠴᠢᠶᠠᠨ ᠾᠧᠩ᠂ ᠴᠧᠨ ᠵᠠᠨ ᠶᠤᠸᠠᠨ᠂ ᠳ᠋ᠦ᠋ ᠴᠦᠨ ᠷᠦᠩ᠂ ᠳ᠋ᠦᠩ ᡁᠢ ᠴᠢᠶᠠᠩ ᠵᠡᠷᠭᠡ ᠠᠬᠠᠮᠠᠳ | ᠺᠠᠳ᠋ᠷᠴᠤᠳ ᠶᠠᠷᠢᠶ᠎ᠠ ᠲᠠᠯᠪᠢᠵᠤ᠂ ᠥᠩᠭᠡᠷᠡᠭᠰᠡᠨ ᠨᠢᠭᠡ ᠵᠢᠯ ᠤᠨ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠣᠶᠢᠯᠡᠰ ᠤᠨ ᠬᠥᠭᠵᠢᠯᠲᠡ ᠶᠢᠨ ᠣᠯᠤᠭᠰᠠᠨ | ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠢᠯᠡᠳᠬᠡᠬᠦ ᠶᠢᠨ ᠬᠠᠮᠲᠤ ᠪᠥᠬᠦ ᠬᠤᠰᠢᠭᠤᠨ ᠤ ᠭᠤᠤᠯ | ᠠᠵᠢᠯ ᠤᠨ ᠲᠣᠭᠤᠷᠢᠨ ᠳᠤ ᠥᠪᠡᠷ ᠥᠪᠡᠷ ᠤᠨ ᠰᠠᠨᠠᠯ ᠢᠶᠠᠨ ᠶᠠᠷᠢᠵᠤ᠂ ᠺᠠᠳ᠋ᠷ ᠢ ᠬᠥᠮᠦᠵᠢᠭᠦᠯᠬᠦ᠂ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠲᠤᠬᠠᠶ ᠶᠢᠨ ᠲᠠᠯᠠᠪᠠᠶ ᠶᠢᠨ | ᠠᠭᠤᠷ ᠠᠮᠢᠰᠬᠤᠯ ᠮᠠᠰᠢ ᠬᠦᠭᠵᠢᠶᠡᠨ ᠲᠠᠢ ᠪᠠᠶᠢᠪᠠ᠃ | ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠸᠠᠩ ᠰᠢᠶᠤᠤ ᠫᠢᠩ᠂ ᠡᠯ᠎ᠡ ᠠᠬᠠᠮᠠᠳ ᠤᠳᠤᠷᠢᠳᠤᠯᠭ᠎ᠠ ᠶᠢᠨ ᠶᠠᠷᠢᠶ᠎ᠠ ᠶᠢ ᠴᠥᠮ ᠮᠠᠰᠢ | ᠰᠠᠶᠢᠨ ᠶᠠᠷᠢᠵᠤ᠂ ᠪᠥᠬᠦ ᠬᠤᠰᠢᠭᠤᠨ ᠤ ᠠᠵᠢᠯ ᠳᠤ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠂ ᠳᠠᠯᠠᠳ ᠬᠤᠰᠢᠭᠤᠨ ᠤ | ᠬᠥᠭᠵᠢᠯᠲᠡ ᠶᠢᠨ ᠴᠢᠩ ᠦᠨᠡᠨᠴᠢ ᠰᠡᠳᠬᠢᠯᠭᠡ ᠪᠠ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠭᠤᠯᠵᠤ᠂ ᠰᠣᠨᠣᠰᠤᠭᠰᠠᠨ ᠤ ᠳᠠᠷᠠᠭ᠎ᠠ ᠶᠡᠬᠡᠳᠡ ᠰᠡᠳᠬᠢᠯ ᠬᠥᠳᠡᠯᠦᠨ | ᠰᠡᠩᠬᠡᠷᠡᠭᠦᠯᠪᠡ᠃ ᠪᠢᠳᠠ ᠠᠬᠠᠮᠠᠳ ᠤᠳᠤᠷᠢᠳᠤᠯᠭ᠎ᠠ ᠶᠢᠨ ᠡᠷᠬᠢᠮ ᠨᠠᠨᠳᠢᠨ ᠰᠠᠨᠠᠯ ᠢ ᠨᠠᠷᠢᠨ ᠭᠢᠨᠠᠮᠠᠭᠠᠢ ᠰᠤᠨᠤᠰᠴᠤ᠂ ᠲᠠᠯᠠᠳ ᠬᠤᠰᠢᠭᠤᠨ ᠤ ᠡᠯ᠎ᠠ ᠲᠦᠷᠦᠯ ᠤᠨ | ᠠᠵᠢᠯ ᠢ ᠨᠠᠩ ᠰᠠᠶᠢᠳᠤᠷ ᠬᠢᠨ᠎ᠠ ᠭᠡᠪᠡ᠃ | ᠸᠠᠩ ᠰᠢᠶᠤᠤ ᠫᠢᠩ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠠᠵᠤ ᠠᠬᠤᠶ ᠶᠢᠨ ᠪᠠᠭᠤᠷᠠᠯᠲᠠ ᠶᠢᠨ | ᠳᠠᠷᠤᠯᠲᠠ ᠶᠢ ᠲᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠠᠳᠬᠤᠨ ᠬᠥᠭᠵᠢᠯᠲᠡ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ | ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃ 2025 ᠣᠨ ᠳᠤ᠂ ᠪᠢᠳᠡ | ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ ᠬᠠᠷᠠᠯᠲᠠ ᠪᠠᠨ ᠲᠣᠭᠲᠠᠭᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ | ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠪᠥᠬᠦ | ᠬᠦᠴᠦᠨ ᠢᠶᠠᠷ ᠢᠶᠠᠨ ᠬᠡᠷᠡᠭᠵᠢᠭᠦᠯᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠭᠦᠨᠵᠡᠭᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃ ᠠᠬᠠᠮᠠᠳ ᠤᠳᠤᠷᠢᠳᠤᠯᠭ᠎ᠠ ᠨᠠᠷ ᠤᠯᠤᠰ ᠲᠥᠷᠥ ᠶᠢᠨ ᠳᠠᠪᠠᠭᠤᠯᠢᠭ᠂ ᠨᠡᠷ᠎ᠡ | ᠬᠦᠨᠳᠦ ᠶᠢᠨ ᠳᠠᠪᠠᠭᠤᠯᠢᠭ ᠪᠠ ᠰᠤᠷᠲᠠᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠡᠯ᠎ᠡ | ᠵᠦᠶ᠋ᠯ ᠤᠨ ᠠᠵᠢᠯ ᠦᠶ᠋ᠯᠡᠰ ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠦᠷᠭᠦᠯᠵᠢᠯᠡᠨ ᠨᠠᠮ ᠤᠨ ᠦᠵᠡᠯ ᠰᠠᠨᠠᠭᠠᠨ ᠤ ︽ᠤᠯᠠᠮᠵᠢᠯᠠᠭᠴᠢ︾᠂ ᠥᠭᠡᠷᠡᠴᠢᠯᠡᠯᠲᠡ | ᠬᠥᠭᠵᠢᠯᠲᠡ ᠶᠢᠨ ︽ᠱᠲ᠋ᠠᠪ︾᠂ ᠲᠣᠭᠲᠠᠭᠤᠨ ᠢ ᠬᠠᠮᠠᠭᠠᠯᠠᠬᠤ ︽ᠠᠬᠢᠭᠤᠯᠤᠭᠴᠢ︾ ᠪᠣᠯᠵᠣ᠂ ᠪᠥᠬᠦ ᠬᠤᠰᠢᠭᠤᠨ ᠤ ᠠᠷᠠᠳ ᠲᠦᠮᠡᠨ ᠲᠠᠢ ᠬᠠᠮᠲᠤ ᠪᠠᠷ ᠨᠢᠭᠡ | ᠰᠡᠳᠬᠢᠯ ᠨᠢᠭᠡ ᠵᠣᠷᠢᠭ ᠢᠶᠠᠷ ᠵᠠᠮ ᠨᠡᠭᠡᠭᠡᠨ ᠤᠷᠤᠭᠰᠢᠯᠠᠵᠤ᠂ ᠳᠠᠯᠠᠳ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃ | ᠸᠠᠩ ᠰᠢᠶᠤᠤ ᠫᠢᠩ᠂ ᠠᠬᠠᠮᠠᠳ ᠤᠳᠤᠷᠢᠳᠤᠯᠭ᠎ᠠ ᠨᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ | ᠦᠵᠡᠭᠦᠯᠵᠦ᠂ ᠨᠢᠭᠡ ᠨᠠᠰᠤᠨ ᠤ ᠣᠶᠤᠨ ᠴᠢᠳᠠᠯ ᠢᠶᠠᠨ ᠲᠥᠪᠯᠡᠷᠡᠭᠦᠯᠦᠨ᠂ ᠬᠦᠴᠦ ᠬᠥᠯᠥᠰᠥᠨ ᠤ ᠭᠠᠪᠢᠶ᠎ᠠ ᠪᠠᠶᠢᠭᠤᠯᠵᠤ᠂ ᠮᠠᠨ ᠤ ᠬᠤᠰᠢᠭᠤᠨ ᠤ ᠡᠷᠬᠢᠮ ᠨᠠᠨᠳᠢᠨ | ᠥᠪ ᠬᠥᠷᠥᠩᠭᠡ ᠪᠣᠯᠤᠨ᠎ᠠ ᠭᠡᠵᠦ ᠬᠡᠯᠡᠪᠡ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢᠮᠠᠭᠲᠠ ᠠᠬᠠᠮᠠᠳ ᠤᠳᠤᠷᠢᠳᠤᠯᠭ᠎ᠠ ᠶᠢ | ᠰᠠᠶᠢᠲᠤᠷ ᠬᠠᠯᠠᠮᠵᠢᠯᠠᠵᠤ᠂ ᠰᠠᠶᠢᠲᠤᠷ ᠬᠠᠷᠠᠭᠠᠯᠵᠠᠬᠤ ᠶᠢ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠣᠯᠭᠠᠵᠤ᠂ ᠠᠬᠠᠮᠠᠳ ᠤᠳᠤᠷᠢᠳᠤᠯᠭ᠎ᠠ ᠶᠢᠨ ᠳᠤᠷᠠᠳᠤᠭᠰᠠᠨ | ᠡᠯ᠎ᠡ ᠵᠦᠢᠯ ᠤᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ | ᠣᠷᠣᠭᠤᠯᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠬᠠᠮᠠᠳ ᠤᠳᠤᠷᠢᠳᠤᠯᠭ᠎ᠠ ᠶᠢ ᠤᠯᠤᠰ ᠲᠦᠷᠦ ᠶᠢᠨ ᠲᠠᠯ᠎ᠠ ᠪᠠᠷ ᠨᠡᠩ ᠢᠷᠠᠭᠤ ᠠᠯᠳᠠᠷᠲᠤ | ᠲᠦᠷᠦᠭᠳᠡᠯ ᠲᠠᠢ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠨᠡᠩ ᠬᠠᠷᠢᠶᠠᠯᠠᠭᠳᠠᠬᠤ ᠰᠡᠳᠬᠢᠯᠭᠡ ᠲᠠᠢ᠂ ᠠᠮᠢᠳᠤᠷᠠᠯ ᠤᠨ ᠲᠠᠯ᠎ᠠ ᠪᠠᠷ ᠨᠡᠩ ᠵᠣᠯ ᠵᠢᠷᠭᠠᠯᠲᠤ | ᠲᠦᠷᠦᠭᠳᠡᠯ ᠲᠠᠢ ᠪᠣᠯᠭᠠᠨ᠎ᠠ᠃ | | | ᠵᠠᠩ ᠸᠧᠶ ᠰᠢᠶᠦ᠋ᠩ 2024 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ | ᠬᠤᠷᠠᠯ ᠠᠴᠠ ᠲᠤᠰᠬᠠᠢ ᠰᠡᠳᠦᠪ ᠢᠶᠠᠷ ᠲᠤᠬᠠᠢ ᠶᠢᠨ ᠲᠠᠯᠠᠪᠠᠢ ᠳᠤ ᠰᠠᠨᠠᠯ ᠰᠣᠨᠣᠰᠬᠤ᠂ ᠺᠠᠳ᠋ᠷ ᠲᠠᠨᠢᠯᠴᠠᠭᠤᠯᠬᠤ ᠬᠦᠰᠦᠨᠦᠭᠲᠦ ᠶᠢ ᠤᠷᠢᠳᠴᠢᠯᠠᠨ ᠲᠠᠷᠬᠠᠭᠠᠬᠤ | ᠵᠡᠷᠭᠡ ᠠᠷᠭ᠎ᠠ ᠬᠡᠯᠪᠡᠷᠢ ᠪᠠᠷ ᠠᠬᠠᠮᠠᠳ ᠺᠠᠳ᠋ᠷᠴᠤᠳ ᠤᠨ ᠰᠢᠶᠠᠨ ᠤ ᠱᠠᠲᠤᠨ ᠤ ᠤᠳᠤᠷᠢᠳᠤᠯᠭ᠎ᠠ ᠶᠢ ᠶᠡᠷᠦᠩᠬᠡᠶᠢᠯᠡᠨ ᠦᠨᠡᠯᠡᠬᠦ ᠰᠠᠨᠠᠯ ᠪᠠ ᠡᠯ᠎ᠡ ᠱᠠᠳᠤ | ᠳᠠᠪᠬᠤᠷᠭ᠎ᠠ ᠶᠢᠨ ᠺᠠᠳ᠋ᠷ ᠢ ᠲᠠᠨᠢᠯᠴᠠᠭᠤᠯᠬᠤ ᠰᠠᠨᠠᠭᠤᠯᠭ᠎ᠠ ᠶᠢ ᠥᠷᠭᠡᠨ ᠭᠦᠨᠵᠡᠭᠡᠢ ᠬᠤᠷᠢᠶᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠧᠨ ᠯᠢ ᠳ᠋ᠦᠩ ᠬᠤᠷᠠᠯ ᠢ ᠡᠷᠭᠢᠯᠡᠪᠡ᠃ | |