2024 ᠣᠨ ᠳᠤ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ | ᠠᠪᠴᠤ᠂ ᠡᠳ᠋ ᠤᠨ ᠵᠠᠰᠠᠭ ᠤᠨ ᠣᠷᠣᠯᠭ᠎ᠠ ᠶᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠳᠤ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 3150.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ 3100 ᠳ᠋ᠦᠩᠰᠢᠭᠤᠷ | ᠲᠥᠭᠦᠷᠢᠭ ᠤᠨ ᠲᠥᠰᠦᠪ ᠢᠶᠠᠨ 101.6% ᠪᠠᠷ ᠪᠡᠶᠡᠯᠡᠭᠦᠯᠵᠦ᠂ ᠣᠨ ᠤ ᠲᠥᠰᠦᠪ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠂ ᠨᠢᠭᠡ ᠯᠡ | ᠤᠳᠠᠭ᠎ᠠ ᠶᠢᠨ ᠴᠢᠨᠠᠷᠲᠠᠶ ᠣᠨᠴᠠᠭᠠᠶ ᠬᠦᠴᠦᠨ ᠵᠦᠢᠯ ᠤᠨ ᠨᠥᠯᠥᠭᠡ ᠶᠢ ᠭᠠᠷᠭᠠᠪᠠᠯ᠂ ᠠᠳᠠᠯᠢᠳᠬᠠᠬᠤᠢ ᠨᠡᠮᠡᠭᠳᠡᠯ ᠨᠢ 7.2% ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠥᠨᠳᠥᠷ ᠰᠠᠭᠤᠷᠢ ᠲᠤᠭ᠎ᠠ ᠶᠢ ᠪᠦᠷᠢᠯᠳᠦᠭᠦᠯᠦᠭᠰᠡᠨ ᠪᠦᠭᠡᠳ | 2024 ᠣᠨ ᠤ ᠲᠦᠷᠦᠭᠦᠤ 10 ᠰᠠᠷ᠎ᠠ ᠶᠢᠨ ᠨᠡᠶᠢᠲᠡ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠪᠠᠶᠢᠳᠠᠯ ᠳᠣᠣᠷ᠎ᠠ᠂ ᠪᠦᠬᠦ ᠵᠢᠯ ᠤᠨ | ᠣᠷᠤᠯᠭ᠎ᠠ ᠪᠠᠨ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ᠃ ᠴᠢᠬᠤᠯᠠ ᠶᠡᠭᠡ ᠵᠠᠷᠤᠯᠭ᠎ᠠ ᠶᠢ ᠬᠦᠴᠦᠲᠡᠢ ᠪᠠᠲᠤᠯᠠᠵᠤ᠂ ᠪᠥᠬᠦ | ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 6928 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠳᠤ ᠵᠢᠱᠢᠭᠰᠡᠨ ᠲᠤᠭ᠎ᠠ | 6900 ᠳ᠋ᠦᠩᠰᠢᠭᠤᠷ ᠲᠥᠭᠦᠷᠢᠭ ᠢᠶᠠᠨ 100.4% ᠪᠠᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 91.8 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 1. | 3% ᠪᠠᠷ ᠨᠡᠮᠡᠭᠳᠡᠪᠡ᠃ ᠪᠥᠬᠦ ᠣᠷᠣᠨ ᠳᠤ ︽ᠲᠠᠪᠤᠨ ᠶᠡᠭᠡ ᠡᠭᠦᠷᠭᠡ︾ ᠶᠢᠨ ᠪᠡᠯᠡ ᠮᠥᠩᠭᠦ ᠶᠢᠨ ᠵᠠᠷᠤᠯᠭ᠎ᠠ ᠶᠢ 2380.8 ᠳ᠋ᠦᠩᠰᠢᠭᠤᠷ ᠲᠥᠭᠦᠷᠢᠭ ᠨᠢᠭᠡᠳᠦᠯᠲᠡᠢ | ᠲᠥᠯᠥᠪᠯᠡᠨ ᠪᠠᠲᠤᠯᠠᠭᠠᠳ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 34.4% ᠶᠢ ᠡᠵᠡᠯᠡᠪᠡ ᠃ | |